ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠪᠠᠶᠢᠭᠤᠯᠬᠤ ᠰᠢᠨ᠎ᠡ ᠠᠷᠭ᠎ᠠ ᠵᠠᠮ ᠰᠢᠨ᠎ᠡ ᠵᠠᠭᠪᠤᠷ ᠢ | ᠢᠳᠡᠪᠬᠢᠲᠡᠢ ᠰᠦᠪᠡᠭᠴᠢᠯᠡᠨ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠬᠦ ᠶᠢᠨ ᠲᠥᠯᠥᠭᠡ᠂ 8 ᠰᠠᠷ᠎ᠠ ᠶᠢᠨ 13 ᠤ ᠡᠳᠦᠷ᠂ ᠲᠦᠮᠡᠳ | ᠵᠡᠭᠦᠨ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠲᠣᠭᠲᠠᠬᠤ ᠰᠢᠶᠠᠨ ᠳᠤ ᠬᠦᠷᠴᠦ ᠲᠦᠮᠡᠳ ᠪᠠᠷᠠᠭᠤᠨ ᠬᠤᠰᠢᠭᠤ᠂ ᠲᠣᠭᠲᠠᠬᠤ ᠰᠢᠶᠠᠨ ᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠣᠷᠳᠣᠨ᠂ ᠥᠪᠥᠷ ᠮᠣᠩᠭᠤᠯ ᠤᠨ ᠪᠤᠷᠬᠠᠨ ᠱᠠᠰᠢᠨ ᠤ | ᠳᠡᠭᠡᠳᠦ ᠰᠤᠷᠭᠠᠭᠤᠯᠢ᠂ ᠲᠠᠷᠢᠶᠠᠯᠠᠩ ᠤᠨ ᠣᠷᠳᠣᠨ ᠵᠡᠷᠭᠡ ᠭᠠᠵᠠᠷ ᠢᠶᠠᠷ ᠲᠣᠭᠤᠷᠢᠨ ᠦᠵᠡᠪᠡ᠃ | ᠠᠵᠢᠯᠯᠠᠭ᠎ᠠ ᠶᠢᠨ ᠶᠠᠪᠤᠴᠠ ᠳᠤ᠂ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠶᠢ ᠬᠠᠮᠲᠤ ᠪᠠᠷ ᠪᠠᠶᠢᠭᠤᠯᠬᠤ | ᠠᠵᠢᠯ ᠤᠨ ᠰᠣᠯᠢᠯᠴᠠᠭᠠᠨ ᠤ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠬᠤᠷᠠᠯ ᠳᠡᠭᠡᠷ᠎ᠡ᠂ | ᠭᠤᠷᠪᠠᠨ ᠲᠠᠯ᠎ᠠ ᠶᠢᠨ ᠬᠢᠨ ᠤ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ᠂ ᠱᠠᠰᠢᠨ ᠰᠤᠷᠲᠠᠬᠤᠨ ᠤ ᠠᠵᠢᠯ ᠤᠨ ᠲᠤᠬᠠᠢ | ᠰᠠᠨᠠᠯ ᠢᠶᠠᠨ ᠭᠦᠨᠵᠡᠭᠡᠢ ᠰᠣᠯᠢᠯᠴᠠᠪᠠ᠃ | ᠲᠣᠰ ᠤᠳᠠᠭᠠᠨ ᠤ ᠣᠷᠣᠨ ᠪᠦᠰᠡ ᠠᠯᠤᠰᠯᠠᠭᠰᠠᠨ ᠬᠠᠮᠲᠤᠷᠠᠯᠴᠠᠨ ᠬᠠᠮᠲᠤ ᠪᠠᠷ ᠪᠠᠶᠢᠭᠤᠯᠬᠤ ᠠᠵᠢᠯᠯᠠᠭ᠎ᠠ ᠳᠤ᠂ | ᠭᠤᠷᠪᠠᠨ ᠭᠠᠵᠠᠷ ᠤᠨ ᠬᠢᠨ ᠨᠡᠶᠢᠲᠡᠯᠢᠭ ᠴᠢᠨᠠᠷᠲᠠᠶ ᠣᠨᠴᠠᠯᠢᠭ ᠪᠠ ᠣᠷᠣᠨ ᠪᠦᠰᠡ ᠶᠢᠨ ᠣᠨᠴᠠᠯᠢᠭ ᠢ ᠭᠦᠢᠴᠡᠳ | ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡ ᠲᠣᠳᠣ | ᠪᠦᠲᠦᠮᠵᠢᠲᠡᠶ ᠪᠠᠷ ᠪᠠᠲᠤ ᠪᠠᠬᠢ ᠪᠣᠶ ᠪᠣᠯᠭᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠬᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠬᠤ ᠵᠡᠷᠭᠡ ᠲᠠᠯ᠎ᠠ ᠪᠠᠷ ᠬᠠᠷᠢᠯᠴᠠᠨ ᠰᠤᠷᠤᠯᠴᠠᠵᠤ᠂ ᠬᠠᠷᠢᠯᠴᠠᠨ ᠯᠠᠪᠯᠠᠯᠲᠠ ᠪᠣᠯᠭᠠᠵᠤ᠂ | ᠣᠷᠣᠨ ᠪᠦᠰᠡ ᠠᠯᠤᠰᠯᠠᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ | ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ᠂ ᠬᠠᠮᠲᠤ ᠪᠠᠷ ᠬᠥᠭᠵᠢᠬᠦ ᠣᠷᠣᠨ ᠪᠦᠰᠡ ᠶᠢᠨ | ᠬᠥᠭᠵᠢᠯᠲᠡ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠤᠨ ᠵᠢᠭᠰᠠᠭᠠᠯ ᠤᠨ ᠮᠠᠶ᠋ᠢᠭ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠪᠣᠶ ᠪᠣᠯᠭᠠᠨ᠎ᠠ᠃ |