ᠲᠦᠮᠡᠳ ᠵᠡᠭᠦᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠦᠩ ᠺᠠᠩ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠪᠦᠯᠬᠦᠮ ᠲᠠᠢ ᠬᠠᠮᠲᠤᠷᠠᠨ ᠲᠦᠮᠡᠳ ᠵᠡᠭᠦᠨ ᠬᠤᠰᠢᠭᠤᠨ ᠤ ᠭᠤᠸᠠᠩ ᠷᠦᠩ ᠡᠮᠨᠡᠯᠭᠡ ᠶᠢᠨ ᠬᠤᠷᠢᠶᠠᠨ ᠳᠤ ᠬᠦᠷᠴᠦ ᠠᠯᠪᠠᠨ ᠵᠢᠷᠤᠮ ᠤᠨ ᠡᠮᠴᠢᠯᠡᠭᠡ ᠪᠠ ᠡᠷᠡᠭᠦᠯ ᠮᠡᠨᠳᠦ ᠶᠢ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/16
    ︽ᠴᠢᠨᠠᠷ ᠰᠠᠶᠢᠲᠠᠶ ᠦᠨᠳᠦᠰᠦᠨ ᠱᠠᠲᠤᠨ ᠤ ᠠᠶᠠᠯᠠᠯ︾ ᠤᠨ ᠠᠵᠢᠯᠯᠠᠭ᠎ᠠ ᠶᠢ ᠠᠬᠢᠭᠤᠯᠵᠤ᠂ ︽ᠭᠠᠳᠠᠭᠰᠢ ᠭᠠᠷᠴᠤ ᠦᠢᠯᠡᠴᠢᠯᠡᠬᠦ︾ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠲᠥᠯᠥᠭᠡ᠂ 8 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠲᠦᠮᠡᠳ ᠵᠡᠭᠦᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠦᠩ ᠺᠠᠩ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠪᠦᠯᠬᠦᠮ ᠲᠠᠢ ᠬᠠᠮᠲᠤᠷᠠᠨ ᠲᠦᠮᠡᠳ ᠵᠡᠭᠦᠨ ᠬᠤᠰᠢᠭᠤᠨ ᠤ ᠢᠷᠠᠭᠤ ᠠᠯᠳᠠᠷ ᠤᠨ ᠬᠦᠷᠢᠶᠡᠯᠡᠩ ᠳᠤ ᠬᠦᠷᠴᠦ ᠠᠯᠪᠠᠨ ᠵᠢᠷᠤᠮ ᠤᠨ ᠡᠮᠴᠢᠯᠡᠭᠡ ᠪᠠ ᠡᠷᠡᠭᠦᠯ ᠮᠡᠨᠳᠦ ᠶᠢ ᠬᠦᠷᠭᠡᠬᠦ ᠠᠵᠢᠯᠯᠠᠭ᠎ᠠ ᠥᠷᠨᠢᠭᠦᠯᠵᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠠᠰᠠᠷᠠᠨ ᠬᠠᠷᠠᠭᠠᠯᠵᠠᠬᠤ ᠡᠲᠡᠭᠡᠳ ᠲᠤ ᠬᠦᠷᠭᠡᠪᠡ᠃    ᠡᠮᠴᠢᠯᠡᠭᠡᠨ ᠤ ᠪᠦᠯᠬᠦᠮ ᠨᠢ ᠠᠰᠠᠷᠠᠨ ᠬᠠᠷᠠᠭᠠᠯᠵᠠᠬᠤ ᠡᠲᠡᠭᠡᠳ᠂ ᠴᠡᠷᠢᠭ ᠤᠨ ᠠᠯᠪᠠᠨ ᠠᠴᠠ ᠪᠠᠭᠤᠭᠰᠠᠨ ᠶᠠᠳᠠᠭᠤ ᠬᠦᠴᠢᠷᠳᠡᠯᠲᠡᠶ ᠴᠡᠷᠢᠭ ᠬᠥᠮᠦᠰ ᠲᠤ ᠣᠨᠣᠰᠢᠯᠠᠨ ᠡᠮᠨᠡᠬᠦ ᠪᠠᠶᠢᠴᠠᠭᠠᠯᠲᠠ ᠬᠢᠬᠦ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠪᠠᠶᠢᠩᠭᠤ ᠲᠣᠬᠢᠶᠠᠯᠳᠤᠬᠤ ᠤᠳᠠᠭᠠᠨ ᠴᠢᠨᠠᠷᠲᠠᠶ ᠡᠪᠡᠳᠴᠢᠨ ᠢ ᠬᠡᠷᠡᠭᠯᠡᠬᠦ ᠡᠮ ᠤᠨ ᠵᠢᠯᠣᠭᠤᠳᠣᠯᠭ᠎ᠠ ᠵᠡᠷᠭᠡ ᠦᠢᠯᠡᠴᠢᠯᠡᠭᠡ ᠬᠠᠩᠭᠠᠵᠤ᠂ ᠲᠤᠬᠠᠶ ᠶᠢᠨ ᠲᠠᠯᠠᠪᠤᠷ ᠲᠤ ᠵᠢᠷᠦᠬᠡᠨ ᠤ ᠲᠦᠭᠰᠢᠬᠦ ᠨᠣᠷᠮ᠎ᠠ᠂ ᠴᠢᠰᠤᠨ ᠰᠢᠬᠢᠷ᠂ ᠴᠢᠰᠤᠨ ᠳᠠᠷᠤᠯᠲᠠ᠂ ᠵᠡᠷᠭᠡ ᠲᠠᠯ᠎ᠠ ᠶᠢᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢ ᠥᠷᠨᠢᠭᠦᠯᠵᠦ᠂ ᠪᠠᠶᠢᠴᠠᠭᠠᠬᠤ ᠶᠠᠪᠤᠴᠠ ᠳᠤ ᠦᠩᠭᠡᠷᠡᠭᠰᠡᠨ ᠡᠪᠡᠳᠴᠢᠨ ᠤ ᠲᠡᠤᠬᠡ ᠶᠢ ᠨᠠᠷᠢᠨ ᠠᠰᠠᠭᠤᠵᠤ᠂ ᠡᠳᠦᠷ ᠲᠤᠲᠤᠮ ᠤᠨ ᠡᠷᠡᠭᠦᠯ ᠮᠡᠨᠳᠦ ᠶᠢ ᠬᠠᠨᠳᠤᠯᠭᠠᠲᠤ ᠴᠢᠨᠠᠷᠲᠠᠶ ᠪᠠᠷ ᠵᠢᠯᠣᠭᠤᠳᠬᠤ᠂ ᠪᠠᠶᠢᠩᠭᠤ ᠲᠣᠬᠢᠶᠠᠯᠳᠤᠳᠠᠭ ᠡᠪᠡᠳᠴᠢᠨ ᠪᠠ ᠣᠯᠠᠨ ᠡᠭᠦᠰᠬᠦ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠬᠡᠷᠡᠭᠲᠡᠶ ᠭᠡᠵᠦ ᠵᠠᠬᠢᠭᠰᠠᠨ ᠪᠥᠭᠡᠳ ᠴᠡᠷᠢᠭ ᠤᠨ ᠠᠯᠪᠠᠨ ᠠᠴᠠ ᠪᠠᠭᠤᠭᠰᠠᠨ ᠠᠬᠠᠮᠠᠳ ᠴᠡᠷᠢᠭ ᠲᠤ ᠰᠠᠶᠢᠨ ᠰᠠᠶᠢᠬᠠᠨ ᠰᠡᠳᠬᠢᠴᠡ ᠶᠢᠨ ᠪᠠᠶᠢᠳᠠᠯ ᠲᠠᠢ ᠪᠠᠶᠢᠵᠤ᠂ ᠢᠳᠡᠭᠡᠨ ᠤᠮᠳᠠᠭᠠᠨ ᠢ ᠵᠦᠶ ᠵᠣᠬᠢᠰᠲᠠᠶ ᠪᠠᠶᠢᠯᠭᠠᠬᠤ᠂ ᠰᠢᠮ᠎ᠡ ᠲᠡᠵᠢᠭᠡᠯ ᠢ ᠲᠡᠩᠴᠡᠭᠦᠷᠢᠲᠡᠶ ᠪᠠᠶᠢᠯᠭᠠᠬᠤ᠂ ᠵᠣᠬᠢᠰᠲᠠᠶ ᠬᠥᠳᠡᠯᠭᠡᠭᠡᠨ ᠬᠢᠬᠦ ᠶᠢ ᠴᠢᠬᠤᠯᠠᠴᠢᠯᠠᠬᠤ ᠬᠡᠷᠡᠭᠲᠡᠶ ᠭᠡᠵᠦ ᠵᠠᠬᠢᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠥᠳᠡᠯᠵᠦ ᠪᠠᠷᠢᠬᠤ ᠳᠤ ᠳᠥᠭᠦᠮ ᠦᠭᠡᠢ᠂ ᠨᠠᠰᠤ ᠠᠬᠠᠰᠢᠷᠠᠵᠤ ᠪᠡᠶ᠎ᠡ ᠮᠠᠭᠤᠳᠠᠭᠰᠠᠨ ᠴᠡᠷᠢᠭ ᠠᠴᠠ ᠬᠠᠯᠠᠭᠳᠠᠭᠰᠠᠳ ᠲᠤ ᠴᠢᠭᠯᠡᠭᠦᠯᠦᠨ᠂ ᠠᠵᠢᠯᠲᠠᠳ ᠪᠦᠬᠦ ᠶᠠᠪᠤᠴᠠ ᠳᠤ ᠦᠢᠯᠡᠴᠢᠯᠡᠵᠦ᠂ ᠨᠠᠰᠤᠲᠠᠶᠢᠴᠤᠳ ᠢ ᠠᠰᠠᠷᠠᠨ ᠵᠡᠮᠳᠡᠭᠴᠦᠳ ᠢ ᠲᠤᠰᠠᠯᠠᠬᠤ ᠵᠡᠷᠭᠡ ᠠᠵᠢᠯ ᠢ ᠰᠠᠶᠢᠲᠤᠷ ᠬᠢᠪᠡ᠃    ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 42 ᠴᠡᠷᠢᠭ ᠤᠨ ᠠᠯᠪᠠᠨ ᠠᠴᠠ ᠬᠠᠯᠠᠭᠳᠠᠭᠰᠠᠳ ᠲᠤ ︽ᠵᠠᠶ ᠵᠠᠪᠰᠠᠷ ᠥᠬᠡᠶ︾ ᠰᠦᠢᠳᠬᠡᠯ ᠬᠤᠷᠢᠶᠠᠬᠤ ᠥᠬᠡᠶ ᠪᠠᠷ ᠣᠨᠣᠰᠢᠯᠠᠨ ᠡᠮᠨᠡᠬᠦ  ᠦᠢᠯᠡᠴᠢᠯᠡᠭᠡ ᠬᠠᠩᠭᠠᠭᠰᠠᠨ ᠪᠥᠭᠡᠳ ᠠᠯᠪᠠᠨ ᠵᠢᠷᠤᠮ ᠤᠨ ᠡᠮᠴᠢᠯᠡᠭᠡ ᠳᠤ ᠣᠷᠣᠯᠴᠠᠭᠰᠠᠨ ᠠᠰᠠᠷᠠᠨ ᠬᠠᠷᠠᠭᠠᠯᠵᠠᠬᠤ ᠡᠲᠡᠭᠡᠳ ᠪᠠ ᠬᠦᠴᠢᠷᠳᠡᠯ ᠲᠠᠢ ᠴᠡᠷᠢᠭ ᠤᠨ ᠠᠯᠪᠠᠨ ᠠᠴᠠ ᠬᠠᠯᠠᠭᠳᠠᠭᠰᠠᠳ ᠲᠤ ᠪᠠᠶᠢᠩᠭᠤ ᠬᠡᠷᠡᠭᠯᠡᠬᠦ ᠡᠮ ᠤᠨᠵᠦᠢᠯ ᠣᠯᠭᠤᠪᠠ᠃ ᠴᠡᠷᠢᠭ ᠠᠴᠠ ᠬᠠᠯᠠᠭᠳᠠᠭᠰᠠᠳ ᠤᠨ ᠥᠪᠡᠷ ᠢ ᠪᠠᠨ ᠡᠷᠡᠭᠦᠯᠵᠢᠭᠦᠯᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠨᠡᠶᠢᠭᠡᠮ ᠢᠶᠠᠷ ᠢᠶᠠᠨ ᠴᠡᠷᠢᠭ ᠠᠴᠠ ᠬᠠᠯᠠᠭᠳᠠᠭᠰᠠᠳ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃   ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠡᠷᠡᠭᠦᠯ ᠮᠡᠨᠳᠦ ᠶᠢᠨ ᠦᠢᠯᠡᠴᠢᠯᠡᠭᠡ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠦᠨᠳᠦᠰᠦᠨ ᠱᠠᠲᠤᠨ ᠳᠤ ᠪᠠᠭᠤᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠵᠤ᠂ ᠴᠡᠷᠢᠭ ᠠᠴᠠ ᠬᠠᠯᠠᠭᠳᠠᠭᠰᠠᠳ ᠤᠨ ᠬᠦᠷᠲᠡᠮᠵᠢ ᠶᠢᠨ ᠲᠥᠷᠥᠭᠳᠡᠯ᠂ ᠢᠷᠠᠭᠤ ᠠᠯᠳᠠᠷᠲᠤ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠦᠨᠡᠨ ᠬᠦ ᠨᠡᠮᠡᠭᠳᠡᠭᠦᠯᠦᠨ᠎ᠡ᠃
 
ᠢᠷᠡᠯᠲᠡ᠄ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号