ᠲᠦᠮᠡᠳ ᠵᠡᠭᠦᠨ ᠬᠤᠰᠢᠭᠤᠨ ᠤ 2024 ᠣᠨ ᠤ 1 - 7 ᠰᠠᠷ᠎ᠠ ᠶᠢᠨ ᠠᠵᠤ ᠠᠬᠤᠶ ᠶᠢᠨ ᠡᠷᠭᠢᠯᠲᠡ ᠶᠢᠨ ᠪᠠᠶᠢᠳᠠᠯ
ᠨᠡᠶᠢᠲᠡᠯᠡᠭᠰᠡᠨ ᠴᠠᠭ᠄
2024/8/18
    ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ    1 - 7 ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.4% ᠪᠠᠷ ᠨᠡᠮᠡᠭᠳᠡᠵᠦ᠂ ᠬᠤᠶᠠᠳᠤᠭᠠᠷ ᠤᠯᠠᠷᠢᠯ ᠤᠨ ᠬᠢ ᠠᠴᠠ 2.0 ᠵᠠᠭᠤᠨ ᠤ ᠬᠤᠪᠢ ᠴᠡᠭ ᠳᠡᠭᠡᠭᠰᠢᠯᠡᠵᠡᠶ᠃    ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ 75 ᠠᠵᠤ ᠠᠬᠤᠶᠢᠯᠠᠯ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 2.9% ᠪᠠᠷ ᠪᠠᠭᠤᠷᠠᠪᠠ᠃    ᠲᠥᠷᠥᠯ ᠵᠦᠢᠯ ᠠᠴᠠ ᠦᠵᠡᠪᠡᠯ᠂  ᠦᠢᠯᠡᠳᠬᠦ  ᠦᠢᠯᠡᠰ ᠠᠳᠠᠯᠢ ᠬᠤᠭᠤᠴᠠᠭᠠᠨ ᠤ ᠬᠢ ᠠᠴᠠ 6.1% ᠪᠠᠷ ᠪᠠᠭᠤᠷᠠᠵᠤ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ  ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 18.4% ᠪᠠᠷ ᠨᠡᠮᠡᠭᠳᠡᠪᠡ᠃    ᠠᠵᠢᠯ ᠲᠥᠷᠥᠯ ᠠᠴᠠ ᠦᠵᠡᠪᠡᠯ᠂ ᠢᠳᠡᠭᠡᠨ ᠤ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 10.5% ᠪᠠᠷ ᠨᠡᠮᠡᠭᠳᠡᠵᠦ᠂ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 4% ᠪᠠᠷ ᠪᠠᠭᠤᠷᠠᠵᠤ᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 74.5% ᠪᠠᠷ ᠨᠡᠮᠡᠭᠳᠡᠪᠡ᠃    ᠦᠢᠯᠡᠳᠬᠦᠨ ᠠᠴᠠ ᠦᠵᠡᠪᠡᠯ᠂ ᠰᠢᠩᠭᠡᠨ ᠪᠡᠶᠡᠲᠦ ᠰᠦ ᠨᠢ ᠠᠳᠠᠯᠢ ᠬᠤᠭᠤᠴᠠᠭᠠᠨ ᠤ ᠬᠢ ᠠᠴᠠ 24.3% ᠪᠠᠷ ᠨᠡᠮᠡᠭᠳᠡᠵᠦ᠂ ᠬᠤᠪᠣᠷ ᠰᠢᠷᠣᠶ ᠶᠢᠨ ᠨᠢᠭᠡᠳᠪᠦᠷᠢ ᠠᠳᠠᠯᠢ ᠬᠤᠭᠤᠴᠠᠭᠠᠨ ᠤ ᠬᠢ ᠠᠴᠠ 10.3% ᠪᠠᠷ ᠨᠡᠮᠡᠭᠳᠡᠵᠦ᠂ ᠴᠠᠭᠠᠰᠤᠨ ᠪᠦᠲᠦᠭᠡᠭᠳᠡᠬᠦᠨ ᠠᠳᠠᠯᠢ ᠬᠤᠭᠤᠴᠠᠭᠠᠨ ᠤ ᠬᠢ ᠠᠴᠠ 7.3% ᠪᠠᠷ ᠨᠡᠮᠡᠭᠳᠡᠪᠡ᠃    ᠬᠤᠶᠠᠷ᠂ ᠨᠡᠶᠢᠭᠡᠮ ᠤᠨ ᠬᠡᠷᠡᠭᠯᠡᠭᠡᠨ ᠤ ᠵᠦᠢᠯ ᠢ ᠰᠤᠯᠠ ᠪᠠᠷ ᠬᠤᠳᠠᠯᠳᠤᠭᠰᠠᠨ ᠲᠤᠭ᠎ᠠ    1 - 7 ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 25.87 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠨᠡᠮᠡᠭᠳᠡᠵᠦ᠂ ᠬᠤᠶᠠᠳᠤᠭᠠᠷ ᠤᠯᠠᠷᠢᠯ ᠤᠨ ᠬᠢ ᠠᠴᠠ 0.7 ᠵᠠᠭᠤᠨ ᠤ ᠬᠤᠪᠢ ᠴᠡᠭ ᠳᠡᠭᠡᠭᠰᠢᠯᠡᠵᠡᠶ᠃    ᠪᠥᠬᠦ ᠬᠤᠰᠢᠭᠤᠨ ᠤ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢ 12.29 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 19.5% ᠪᠠᠷ ᠨᠡᠮᠡᠭᠳᠡᠪᠡ᠃ ᠠᠮᠤ ᠪᠤᠳᠠᠭ᠎ᠠ ᠲᠣᠰᠣ ᠢᠳᠡᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 13.7% ᠪᠠᠷ ᠨᠡᠮᠡᠭᠳᠡᠵᠦ᠂ ᠮᠠᠰᠢᠨ ᠲᠡᠷᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 116.8% ᠪᠠᠷ ᠨᠡᠮᠡᠭᠳᠡᠵᠦ᠂ ᠬᠢᠲᠠᠳ ᠧᠦ᠋ᠷᠣᠫᠠ ᠡᠮ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 125.4% ᠪᠠᠷ ᠨᠡᠮᠡᠭᠳᠡᠵᠦ᠂ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 36.6% ᠪᠠᠷ ᠪᠠᠭᠤᠷᠠᠪᠠ᠃    ᠭᠤᠷᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ    1 - 7 ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 12.9% ᠪᠠᠷ ᠪᠠᠭᠤᠷᠠᠪᠠ᠃    ᠠᠵᠤ ᠦᠢᠯᠡᠰ ᠢᠶᠠᠷ ᠬᠤᠪᠢᠶᠠᠵᠤ ᠦᠵᠡᠪᠡᠯ᠄ ᠨᠢᠭᠡᠳᠦᠭᠡᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 48% ᠪᠠᠷ ᠪᠠᠭᠤᠷᠠᠵᠤ᠂ ᠬᠤᠶᠠᠳᠤᠭᠠᠷ ᠠᠵᠤ ᠦᠢᠯᠡᠰ 31.9% ᠪᠠᠷ ᠪᠠᠭᠤᠷᠠᠵᠤ᠂ ᠭᠤᠷᠪᠠᠳᠤᠭᠠᠷ ᠠᠵᠤ ᠦᠢᠯᠡᠰ 26.7% ᠪᠠᠷ ᠪᠠᠭᠤᠷᠠᠪᠠ᠃    ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ 6.3% ᠪᠠᠶᠢᠵᠤ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ 39.5% ᠬᠦᠷᠴᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ 54.2% ᠪᠣᠯᠪᠠ᠃    ᠪᠡᠯᠡ ᠣᠷᠣᠭᠤᠯᠤᠯᠲᠠ ᠶᠢᠨ ᠪᠦᠲᠦᠴᠡ ᠠᠴᠠ ᠦᠵᠡᠪᠡᠯ᠄ ᠪᠠᠷᠢᠯᠭ᠎ᠠ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 26.7% ᠪᠠᠷ ᠪᠠᠭᠤᠷᠠᠵᠤ᠂ ᠤᠭᠰᠠᠷᠠᠭᠰᠠᠨ ᠪᠡᠯᠡ ᠣᠷᠣᠭᠤᠯᠤᠯᠲᠠ 50.4% ᠪᠠᠷ ᠪᠠᠭᠤᠷᠠᠵᠤ᠂ ᠲᠥᠬᠦᠭᠡᠷᠦᠮᠵᠢ ᠶᠢᠨ ᠪᠡᠯᠡ ᠣᠷᠣᠭᠤᠯᠤᠯᠲᠠ 33% ᠪᠠᠷ ᠪᠠᠭᠤᠷᠠᠵᠤ᠂ ᠪᠤᠰᠤᠳ ᠪᠡᠯᠡ ᠣᠷᠣᠭᠤᠯᠤᠯᠲᠠ 51.7% ᠪᠠᠷ ᠪᠠᠭᠤᠷᠠᠪᠠ᠃    ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠄ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 0.2% ᠪᠠᠭᠤᠷᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 51.3% ᠨᠡᠮᠡᠭᠳᠡᠪᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠪᠣᠷᠣᠯᠠᠭᠤᠯᠭ᠎ᠠ ᠶᠢᠨ ᠲᠠᠯᠠᠪᠠᠢ 112686 ᠲᠡᠭᠰᠢ ᠳᠥᠷᠪᠡᠯᠵᠢᠨ‌ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 38.2% ᠨᠡᠮᠡᠭᠳᠡᠪᠡ᠃
 
ᠢᠷᠡᠯᠲᠡ᠄ ᠠᠵᠤ ᠠᠬᠤᠶ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号