ᠬᠥᠬᠡᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠮᠠᠨ ᠤ ᠬᠤᠷᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/8/20
    8 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠱᠠᠨ ᠬᠤᠢ ᠲᠤᠰᠬᠠᠢ ᠵᠥᠪᠯᠡᠯ ᠤᠨ ᠬᠢᠨ ᠲᠦᠮᠡᠳ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠯᠣᠭᠤᠳᠪᠠ᠃ ᠲᠦᠮᠡᠳ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠵᠢᠶᠠ ᠰᠢ ᠵᠥᠩ ᠬᠤᠷᠠᠯ ᠢ ᠡᠷᠭᠢᠯᠡᠵᠦ᠂ ᠬᠤᠷᠢᠶᠠᠨ ᠳᠤ ᠪᠠᠶᠢᠭ᠎ᠠ ᠭᠡᠰᠢᠬᠦᠨ ᠵᠢᠴᠢ ᠭᠦᠢᠴᠡᠳᠬᠡᠬᠦ ᠲᠣᠪᠴᠢᠶ᠎ᠠ ᠶᠢᠨ ᠪᠥᠬᠦ ᠰᠢᠭᠦᠬᠦ ᠲᠤᠰᠢᠶᠠᠯᠲᠠᠨ᠂ ᠬᠡᠷᠡᠭ ᠳᠠᠩᠰᠠᠯᠠᠬᠤ ᠲᠢᠩᠬᠢᠮ ᠤᠨ ᠬᠡᠰᠡᠭ ᠺᠠᠳ᠋ᠷ ᠴᠠᠭᠳᠠᠭ᠎ᠠ ᠬᠤᠷᠠᠯ ᠳᠤ ᠣᠷᠣᠯᠴᠠᠪᠠ᠃    ᠬᠤᠷᠢᠶᠠᠨ ᠳᠠᠷᠤᠭ᠎ᠠ ᠵᠢᠶᠠ ᠰᠢ ᠵᠥᠩ ᠢᠯᠡᠳᠬᠡᠭᠰᠡᠨ ᠨᠢ᠂ ᠲᠦᠮᠡᠳ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠬᠢᠵᠦ ᠵᠢᠯᠣᠭᠤᠳᠬᠤ ᠪᠠᠷ ᠠᠵᠠ ᠲᠣᠬᠢᠶᠠᠯ ᠪᠣᠯᠭᠠᠵᠤ᠂  ᠳᠤᠲᠠᠭᠳᠠᠯ ᠢᠶᠠᠨ ᠣᠨᠣᠪᠴᠢᠲᠠᠶ ᠡᠷᠢᠨ ᠣᠯᠵᠤ᠂ ᠴᠥᠬᠦᠷᠡᠰᠢ ᠥᠬᠡᠶ ᠠᠳᠬᠤᠨ ᠪᠣᠳᠠᠲᠠᠶ ᠠᠵᠢᠯᠯᠠᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠢᠨᠠᠨ ᠭᠦᠢᠴᠡᠳᠬᠡᠬᠦ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠪᠡ᠃
 
ᠢᠷᠡᠯᠲᠡ᠄ ᠠᠷᠠᠳ ᠤᠨ ᠰᠢᠭᠦᠬᠦ ᠬᠤᠷᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号