ᠶᠸᠥ ᠯᠧ ᠴᠧᠩ ᠨᠡᠶᠢᠭᠡᠮ ᠲᠣᠭᠤᠷᠢᠭ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/21
    ᠴᠢᠰᠤᠨ ᠳᠠᠷᠤᠯᠲᠠ ᠥᠨᠳᠥᠷ ᠪᠠ ᠰᠢᠬᠢᠷ ᠰᠢᠵᠢᠩ ᠡᠪᠡᠳᠴᠢᠨ ᠪᠣᠯ ᠣᠳᠣᠬᠠᠨ ᠤ ᠪᠦᠬᠦ ᠪᠥᠮᠪᠥᠷᠴᠡᠭ ᠤᠨ ᠬᠡᠪᠴᠢᠶᠡᠨ ᠳᠤ ᠬᠥᠮᠦᠨ ᠲᠥᠷᠥᠯᠬᠢᠲᠡᠨ ᠤ ᠡᠷᠡᠭᠦᠯ ᠮᠡᠨᠳᠦ ᠶᠢ ᠬᠦᠨᠳᠦ ᠨᠣᠴᠢᠲᠠᠢ ᠰᠦᠷᠳᠡᠭᠦᠯᠦᠭᠰᠡᠨ ᠬᠤᠶᠠᠷ ᠶᠡᠭᠡ ᠤᠳᠠᠭᠠᠨ ᠴᠢᠨᠠᠷᠲᠠᠢ ᠡᠪᠡᠳᠴᠢᠨ ᠪᠣᠯᠤᠨ᠎ᠠ᠃ ᠴᠢᠰᠤᠨ ᠳᠠᠷᠤᠯᠲᠠ ᠥᠨᠳᠥᠷ ᠪᠠ ᠰᠢᠬᠢᠷ ᠰᠢᠵᠢᠩ ᠡᠪᠡᠳᠴᠢᠨ ᠤ ᠡᠷᠡᠭᠦᠯ ᠮᠡᠨᠳᠦ ᠶᠢᠨ ᠤᠬᠠᠭᠤᠯᠭ᠎ᠠ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠲᠠᠨᠢᠨ ᠮᠡᠳᠡᠬᠦ ᠬᠢᠷᠢ ᠲᠦᠪᠰᠢᠨ ᠪᠠ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠂ 8 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ ᠶᠢᠦ ᠯᠧ ᠴᠧᠩ ᠨᠡᠶᠢᠭᠡᠮ ᠲᠣᠭᠤᠷᠢᠭ ᠶᠢᠦ ᠯᠧ ᠴᠧᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠲᠠᠢ ᠬᠠᠮᠲᠤᠷᠠᠨ‌‍ᠶ᠋ᠢᠦ ᠯᠧ ᠴᠧᠩ ᠪᠠᠭ᠎ᠠ ᠲᠣᠭᠤᠷᠢᠭ ᠤᠨ ᠨᠢᠭᠡᠳᠦᠭᠡᠷ ᠬᠤᠭᠤᠴᠠᠭᠠᠨ ᠤ ᠵᠢᠵᠢᠭ ᠲᠠᠯᠠᠪᠠᠢ ᠳᠤ ︽ᠴᠢᠰᠤᠨ ᠳᠠᠷᠤᠯᠲᠠ ᠥᠨᠳᠥᠷ ᠰᠢᠬᠢᠷ ᠰᠢᠵᠢᠩ ᠡᠪᠡᠳᠴᠢᠨ ᠢ ᠠᠩᠬᠠᠷᠴᠤ᠂ ᠡᠷᠡᠭᠦᠯ ᠮᠡᠨᠳᠦ ᠶᠢᠨ ᠣᠷᠳᠣ ᠴᠠᠭᠠᠨ ᠬᠡᠷᠡᠮ ᠢ ᠬᠠᠮᠲᠤ ᠪᠠᠷ ᠴᠣᠭᠴᠠᠯᠠᠬᠤ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠶᠢᠦ ᠯᠧ ᠴᠧᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠥᠷᠲᠡᠭᠡᠨ ᠤ ᠡᠮᠨᠡᠯᠭᠡ ᠶᠢᠨ ᠠᠵᠢᠯᠲᠠᠨ ᠠᠯᠪᠠᠨ ᠵᠢᠷᠤᠮ ᠤᠨ ᠡᠮᠴᠢᠯᠡᠭᠡ ᠳᠤ ᠣᠷᠣᠯᠴᠠᠬᠤ ᠪᠠᠷ ᠢᠷᠡᠭᠰᠡᠨ ᠰᠠᠭᠤᠭᠠᠯᠢ ᠠᠷᠠᠳ ᠤᠨ ᠴᠢᠰᠤᠨ ᠳᠠᠷᠤᠯᠲᠠ ᠪᠣᠯᠤᠨ ᠴᠢᠰᠤᠨ ᠰᠢᠬᠢᠷ ᠢ ᠬᠡᠮᠵᠢᠬᠦ ᠶᠢᠨ ᠬᠠᠮᠲᠤ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠡᠷᠡᠭᠦᠯ ᠰᠠᠷᠠᠭᠤᠯ ᠠᠮᠢᠳᠤᠷᠠᠯ ᠤᠨ ᠰᠠᠨᠠᠭᠤᠯᠭ᠎ᠠ ᠳᠤᠷᠠᠳᠴᠤ᠂ ᠰᠠᠭᠤᠭᠠᠯᠢ ᠠᠷᠠᠳ ᠢ ᠰᠢᠨᠵᠢᠯᠡᠬᠦ ᠤᠬᠠᠭᠠᠨᠴᠢ ᠵᠥᠪ ᠣᠨᠣᠪᠴᠢᠲᠠᠶ ᠠᠮᠢᠳᠤᠷᠠᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠪᠡᠶ᠎ᠡ ᠮᠠᠬᠠᠪᠣᠳ ᠤᠨ ᠬᠡᠪ ᠴᠢᠨᠠᠷ ᠢᠶᠠᠨ ᠳᠡᠭᠡᠭᠰᠢᠯᠡᠭᠦᠯᠬᠦ ᠶᠢ ᠰᠠᠨᠠᠭᠤᠯᠤᠭᠰᠠᠨ ᠪᠥᠭᠡᠳ ᠪᠠᠶᠢᠴᠠᠭᠠᠬᠤ ᠪᠠᠷ ᠢᠷᠡᠭᠰᠡᠨ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠵᠤ᠂ ᠭᠡᠷ ᠪᠦᠯᠢ ᠶᠢᠨ ᠡᠮᠴᠢ ᠳᠤ ᠭᠡᠷ᠎ᠡ ᠲᠣᠭᠲᠠᠬᠤ ᠶᠢ ᠰᠠᠨᠠᠭᠤᠯᠪᠠ᠃    ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠣᠯᠠᠨ ᠨᠡᠶᠢᠲᠡ ᠶᠢᠨ ᠴᠢᠰᠤᠨ ᠳᠠᠷᠤᠯᠲᠠ ᠥᠨᠳᠥᠷ ᠪᠠ ᠰᠢᠬᠢᠷ ᠰᠢᠵᠢᠩ ᠡᠪᠡᠳᠴᠢᠨ ᠤ ᠲᠤᠬᠠᠶ ᠲᠠᠨᠢᠯᠲᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠥᠪᠡᠷ ᠢ ᠪᠠᠨ ᠡᠷᠡᠭᠦᠯᠵᠢᠭᠦᠯᠬᠦ ᠤᠬᠠᠮᠰᠠᠷ ᠢ ᠴᠢᠩᠭᠠᠷᠠᠭᠤᠯᠤᠨ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠤᠨ ᠪᠦᠷᠢᠯᠳᠦᠯ ᠢ ᠠᠬᠢᠭᠤᠯᠪᠠ᠃ ᠲᠠᠷᠠᠭᠠᠴᠢ ᠶᠢᠨ ᠠᠯᠬᠤᠮ ᠳᠤ ᠶᠢᠦ ᠯᠧ ᠴᠧᠩ ᠨᠡᠶᠢᠭᠡᠮ ᠲᠣᠭᠤᠷᠢᠭ ᠰᠦᠢᠳᠬᠡᠯ ᠬᠤᠷᠢᠶᠠᠬᠤ ᠥᠬᠡᠶ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃
 
ᠢᠷᠡᠯᠲᠡ᠄  ᠶᠢᠨ ᠬᠤᠤ ᠣᠷᠣᠨ ᠪᠦᠰᠡ ᠶᠢᠨ ᠦᠢᠯᠡᠴᠢᠯᠡᠭᠡᠨ ᠤ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号