ᠬᠠᠭᠠᠨ ᠤ ᠣᠷᠳᠣᠨ ᠤ ᠮᠦᠽᠧᠢ ᠶᠢᠨ ᠬᠠᠳᠠᠭᠠᠯᠠᠮᠵᠢ ᠴᠢᠩ ᠤᠯᠤᠰ ᠤᠨ ᠦᠶ᠎ᠡ ᠶᠢᠨ ᠣᠷᠳᠣᠨ ᠤ ᠬᠠᠰ ᠡᠳ᠋ᠯᠡᠯ ᠤᠨ ᠦᠵᠡᠰᠭᠦᠯᠡᠩ ᠬᠥᠬᠡᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2024/8/21
C:\Users\bch\Desktop\9.03\8.21  历史文化图1.jpg
    8 ᠰᠠᠷ᠎ᠠ ᠶᠢᠨ 20 ᠤ ᠡᠳᠦᠷ᠂ ᠬᠠᠭᠠᠨ ᠤ ᠣᠷᠳᠣᠨ ᠤ ᠮᠦᠽᠧᠢ ᠪᠣᠯᠤᠨ ᠬᠥᠬᠡᠬᠤᠲᠠ ᠶᠢᠨ ᠮᠦᠽᠧᠢ ᠶᠢᠨ ᠬᠠᠮᠲᠤᠷᠠᠨ ᠡᠷᠬᠢᠯᠡᠭᠰᠡᠨ ︽ᠬᠦᠭᠵᠢᠯᠲᠦ ᠦᠶ᠎ᠡ ᠶᠢᠨ ᠬᠠᠰ ᠡᠷᠳᠡᠨᠢ — ᠬᠠᠭᠠᠨ ᠤ ᠣᠷᠳᠣᠨ ᠤ ᠮᠦᠽᠧᠢ ᠶᠢᠨ ᠬᠠᠳᠠᠭᠠᠯᠠᠮᠵᠢ ᠴᠢᠩ ᠤᠯᠤᠰ ᠤᠨ ᠦᠶ᠎ᠡ ᠶᠢᠨ ᠣᠷᠳᠣᠨ ᠤ ᠬᠠᠰ ᠡᠳ᠋ᠯᠡᠯ ᠤᠨ ᠦᠵᠡᠰᠭᠦᠯᠡᠩ︾ ᠬᠥᠬᠡᠬᠤᠲᠠ ᠶᠢᠨ ᠮᠦᠽᠧᠢ ᠳᠤ ᠡᠬᠢᠯᠡᠨ ᠳᠡᠯᠭᠡᠨ ᠦᠵᠡᠭᠦᠯᠵᠦ᠂ 11 ᠰᠠᠷ᠎ᠠ ᠶᠢᠨ 20 ᠤ ᠡᠳᠦᠷ ᠪᠣᠯᠲᠠᠯ᠎ᠠ ᠶᠠᠪᠤᠭᠳᠠᠨ᠎ᠠ᠃ ᠲᠤᠰ ᠤᠳᠠᠭᠠᠨ ᠤ ᠳᠡᠯᠭᠡᠨ ᠦᠵᠡᠭᠦᠯᠦᠭᠰᠡᠨ ᠬᠠᠳᠠᠭᠠᠯᠠᠮᠵᠢ ᠶᠢᠨ ᠡᠳ᠋ ᠨᠢ ᠬᠠᠭᠠᠨ ᠤ ᠣᠷᠳᠣᠨ ᠤ ᠮᠦᠽᠧᠶ ᠶᠢᠨ ᠲᠦᠮᠡ ᠶᠢᠰᠦᠨ ᠮᠢᠩᠭᠠᠨ ᠵᠦᠢᠯ ︵ᠢᠵᠢ︶ ᠴᠢᠩ ᠤᠯᠤᠰ ᠤᠨ ᠬᠠᠰ ᠰᠡᠶᠢᠯᠦᠮᠡᠯ ᠤᠨ ᠤᠷᠠᠯᠢᠭ ᠤᠨ ᠪᠦᠲᠦᠭᠡᠯ ᠠᠴᠠ ᠰᠤᠩᠭᠤᠨ ᠭᠠᠷᠭᠠᠭᠰᠠᠨ 138 ᠰᠣᠳᠣᠨ ᠪᠦᠲᠦᠭᠡᠯ ᠪᠠᠶᠢᠵᠤ᠂ ᠴᠢᠩ ᠤᠯᠤᠰ ᠤᠨ ᠬᠠᠰ ᠰᠡᠶᠢᠯᠦᠮᠡᠯ ᠤᠨ ᠤᠷᠠᠯᠢᠭ ᠤᠨ ᠣᠯᠤᠭᠰᠠᠨ ᠯᠤᠲᠤ ᠶᠡᠭᠡ ᠠᠮᠵᠢᠯᠲᠠ ᠶᠢ ᠪᠣᠰᠤᠭ᠎ᠠ ᠴᠤᠭᠴᠠ ᠪᠠᠷ ᠳᠡᠯᠭᠡᠨ ᠦᠵᠡᠭᠦᠯᠵᠦ᠂ ᠦᠵᠡᠭᠴᠢᠳ ᠳᠤᠮᠳᠠ ᠠᠴᠠ ᠨᠢ ᠳᠤᠮᠳᠠᠳᠤ ᠶᠢᠨ ᠬᠠᠰ ᠤᠨ ᠰᠣᠶᠣᠯ ᠤᠨ ᠥᠨᠢ ᠤᠳᠠᠭᠠᠨ ᠲᠡᠦᠬᠡ ᠶᠢ ᠣᠯᠵᠤ ᠮᠡᠳᠡᠵᠦ ᠪᠣᠯᠤᠨ᠎ᠠ᠃ ᠰᠣᠷᠪᠤᠯᠵᠢᠯᠠᠭᠴᠢ ᠯᠢᠦ ᠴᠢᠩ ᠢᠤᠢ ᠰᠡᠭᠦᠲᠡᠷᠯᠡᠪᠡ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号