8 ᠰᠠᠷ᠎ᠠ ᠶᠢᠨ 19 ᠤ ᠡᠳᠦᠷ᠂ ᠼᠦᠢ ᠵᠢᠶᠧ ᠳᠡᠳ᠋ ᠬᠤᠰᠢᠭᠤᠨ ᠳᠠᠷᠤᠭ᠎ᠠ ︽ᠠᠷᠪᠠᠨ ᠲᠠᠪᠤᠳᠤᠭᠠᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠠᠵᠢᠯ ᠤᠨ ᠬᠠᠮᠢᠶ᠎ᠠ ᠪᠥᠬᠦᠶ ᠶᠠᠪᠤᠳᠠᠯ ᠤᠨ ᠲᠤᠬᠠᠶ | ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠳᠡᠭᠡᠷ᠎ᠡ ᠼᠦᠢ ᠵᠢᠶᠧ ᠳᠡᠳ᠋ ᠬᠤᠰᠢᠭᠤᠨ ᠳᠠᠷᠤᠭ᠎ᠠ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠦᠬᠦᠢ | ᠨᠢᠭᠡᠴᠡ ᠲᠣᠰ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠭᠰᠣᠴᠠ ᠪᠠᠨ ᠳᠡᠭᠡᠭᠰᠢᠯᠡᠭᠦᠯᠦᠨ᠂ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠡᠯ᠎ᠡ ᠵᠦᠢᠯ ᠤᠨ ᠠᠵᠢᠯ ᠢ ᠴᠠᠭ | ᠬᠤᠭᠤᠴᠠᠭᠠᠨ ᠤ ᠵᠠᠩᠭᠢᠯᠠᠭ᠎ᠠ ᠶᠢᠨ ᠴᠢᠭ ᠲᠤ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠦᠮᠡᠳ ᠵᠡᠭᠦᠨ | ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠬᠠᠨ ᠹᠧᠩ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠦᠭᠰᠡᠨ | ᠪᠠᠶᠢᠳᠠᠯ ᠤᠨ ᠲᠤᠬᠠᠶ ᠨᠠᠷᠢᠨ ᠲᠣᠳᠣᠷᠬᠠᠶ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠮᠡᠳᠡᠭᠦᠯᠦᠨ ᠬᠦᠷᠭᠡᠬᠦ | ᠴᠢᠬᠤᠯᠠᠲᠠᠶ ︽ᠭᠤᠷᠪᠠᠨ ᠴᠢᠬᠤᠯᠠ ᠶᠡᠭᠡ︾ ᠵᠢᠴᠢ ᠦᠨᠳᠦᠰᠦᠨ ᠰᠡᠳᠬᠢᠮᠵᠢ ᠳᠤ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠬᠢᠵᠦ᠂ ᠬᠤᠷᠠᠯ ᠳᠤ ᠣᠷᠣᠯᠴᠠᠭᠰᠠᠨ ᠨᠢᠭᠡᠴᠡ ᠳᠤ ᠳᠠᠬᠢᠨ ᠳᠠᠪᠲᠠᠨ ᠰᠤᠳᠤᠯᠤᠨ ᠶᠠᠷᠢᠯᠴᠠᠪᠠ᠃ | ᠬᠠᠮᠤᠭ ᠰᠡᠭᠦᠯ ᠳᠤ᠂ ᠼᠦᠢ ᠵᠢᠶᠧ ᠳᠡᠳ᠋ ᠬᠤᠰᠢᠭᠤᠨ ᠳᠠᠷᠤᠭ᠎ᠠ ᠵᠢᠭᠠᠵᠤ ᠭᠠᠷᠭᠠᠭᠰᠠᠨ ᠨᠢ᠂ ᠡᠯ᠎ᠡ ᠰᠠᠯᠠᠭ᠎ᠠ | ᠮᠥᠴᠢᠷ ᠳᠡᠭᠡᠳᠦ ᠱᠠᠲᠤᠨ ᠤ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠤᠲᠠ ᠶᠢᠨ ᠲᠣᠪᠴᠢᠶ᠎ᠠ ᠲᠠᠢ ᠨᠢᠭᠲᠠ | ᠵᠣᠯᠭᠠᠭᠤᠯᠵᠤ᠂ ᠬᠤᠲᠠ ᠶᠢᠨ ᠱᠠᠲᠤᠨ ᠤ ᠨᠢᠭᠡᠴᠡ ᠶᠢᠨ ᠢᠷᠡᠭᠡᠳᠦᠶ ᠶᠢᠨ ᠲᠠᠪᠤᠨ ᠵᠢᠯ ᠤᠨ ᠠᠵᠢᠯ ᠤᠨ | ᠲᠥᠯᠥᠪᠯᠡᠭᠡ ᠶᠢ ᠣᠶᠢᠯᠠᠭᠠᠬᠤ ᠶᠢᠨ ᠬᠠᠮᠲᠤ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠲᠣᠰ ᠰᠠᠯᠠᠭ᠎ᠠ ᠮᠥᠴᠢᠷ ᠤᠨ ᠢᠶᠠᠨ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ︽ᠭᠤᠷᠪᠠᠨ | ᠴᠢᠬᠤᠯᠠ ᠶᠡᠭᠡ︾ ᠪᠠ ᠦᠨᠳᠦᠰᠦᠨ ᠰᠡᠳᠬᠢᠮᠵᠢ ᠶᠢ ᠳᠠᠬᠢᠨᠲᠠ ᠡᠮᠬᠢᠯᠡᠬᠦ ᠶᠢᠨ ᠬᠠᠮᠲᠤ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠬᠤᠷᠠᠯᠳᠤᠭᠤᠯᠵᠤ ᠰᠤᠳᠤᠯᠵᠤ᠂ ᠡᠯ᠎ᠡ ᠬᠦᠷᠢᠶ᠎ᠡ ᠴᠠᠷᠠᠭ᠎ᠠ ᠶᠢ ᠥᠪᠡᠷᠲᠡᠭᠡᠨ ᠵᠠᠰᠠᠬᠤ | ᠣᠷᠣᠨ᠂ ᠬᠤᠲᠠ ᠶᠢᠨ ᠱᠠᠲᠤ ᠪᠠ ᠮᠠᠨ ᠤ ᠬᠤᠰᠢᠭᠤᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠴᠢᠬᠤᠯᠠ ᠶᠡᠭᠡ ᠲᠥᠷᠥᠯ ᠵᠦᠢᠯ ᠪᠠ ᠴᠢᠬᠤᠯᠠ ᠶᠡᠭᠡ ᠬᠡᠷᠡᠭ ᠶᠠᠪᠤᠳᠠᠯ ᠢ ᠨᠠᠷᠢᠨ ᠬᠢᠨᠠᠮᠠᠭᠠᠶ | ᠲᠥᠯᠥᠪᠯᠡᠬᠦ ᠬᠡᠷᠡᠭᠲᠡᠶ ᠭᠡᠵᠡᠶ᠃ |