ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢ ᠥᠷᠨᠢᠭᠦᠯᠵᠦ ᠢᠳᠡᠭᠡᠨ ᠤᠮᠳᠠᠭᠠᠨ ᠤ ᠠᠵᠢᠯ ᠲᠥᠷᠥᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠪᠠ
ᠨᠡᠶᠢᠲᠡᠯᠡᠭᠰᠡᠨ ᠴᠠᠭ᠄
2024/8/22
    ᠪᠠᠶᠢᠴᠠᠭᠠᠬᠤ ᠶᠠᠪᠤᠴᠠ ᠳᠤ᠂ ᠠᠵᠢᠯᠲᠠᠳ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠰᠢᠲᠠᠮᠠᠬᠠᠶ ᠬᠡᠶ ᠳᠤ ᠬᠡᠷᠡᠭᠯᠡᠬᠦ ᠣᠷᠴᠢᠨ ᠲᠣᠭᠤᠷᠢᠨ᠂ ᠰᠢᠩᠭᠡᠨᠵᠢᠮᠡᠯ ᠬᠡᠶ ᠶᠢᠨ ᠰᠠᠪᠠ ᠶᠢ ᠬᠠᠳᠠᠭᠠᠯᠠᠵᠤ ᠲᠠᠯᠪᠢᠬᠤ ᠨᠥᠬᠦᠴᠡᠯ᠂ ᠰᠢᠲᠠᠮᠠᠬᠠᠶ ᠬᠡᠶ ᠶᠢᠨ ᠵᠤᠤᠬ᠎ᠠ ᠶᠢᠨ ᠬᠡᠷᠡᠭᠰᠡᠯ ᠵᠢᠴᠢ ᠵᠠᠯᠭᠠᠭᠰᠠᠨ ᠬᠤᠭᠤᠯᠠᠶ᠂ ᠰᠢᠲᠠᠮᠠᠬᠠᠶ ᠬᠡᠶ ᠭᠤᠭᠤᠵᠢᠵᠤ ᠪᠠᠶᠢᠭ᠎ᠠ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠵᠡᠷᠭᠡ ᠳᠤ ᠭᠤᠤᠯᠳᠠᠯᠭ᠎ᠠ ᠲᠠᠢ ᠨᠠᠷᠢᠨ ᠪᠠᠶᠢᠴᠠᠭᠠᠯᠲᠠ ᠬᠢᠪᠠ᠃ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠠᠶ ᠳᠤ ᠪᠠᠶᠢᠴᠠᠭᠠᠬᠤ ᠰᠠᠨᠠᠯ ᠤᠨ ᠪᠢᠴᠢᠭ ᠪᠠᠭᠤᠯᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ ᠳᠠᠭᠤᠰᠬᠠᠬᠤ ᠶᠢ ᠱᠠᠭᠠᠷᠳᠠᠪᠠ᠃ ᠡᠭᠦᠨ ᠤ ᠬᠠᠮᠲᠤ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠ ᠠᠵᠢᠯᠲᠠᠳ ᠲᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠡᠳᠡᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃    ᠲᠠᠷᠠᠭᠠᠴᠢ ᠶᠢᠨ ᠠᠯᠬᠤᠮ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ᠂ ᠥᠷᠭᠡᠨ ᠣᠯᠠᠨ ᠠᠷᠠᠳ ᠲᠦᠮᠡᠨ ᠳᠤ ᠠᠮᠤᠷ ᠲᠦᠪᠰᠢᠨ ᠲᠣᠭᠲᠠᠭᠤᠨ ᠰᠢᠲᠠᠮᠠᠬᠠᠶ ᠬᠡᠶ ᠬᠡᠷᠡᠭᠯᠡᠬᠦ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号