ᠲᠦᠮᠡᠳ ᠵᠡᠭᠦᠨ ᠬᠤᠰᠢᠭᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠳᠠᠶᠢᠴᠢᠯᠠᠯᠲᠠ ᠶᠢᠨ ᠬᠤᠷᠠᠯ ᠵᠢᠴᠢ ᠬᠤᠰᠢᠭᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠠᠮᠲᠤ ᠪᠠᠷ ᠬᠢᠴᠢᠶᠡᠯ ᠪᠡᠯᠡᠳᠬᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2024/8/26
    ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠳᠠᠶᠢᠴᠢᠯᠠᠯᠲᠠ ᠶᠢᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 8 ᠰᠠᠷ᠎ᠠ ᠶᠢᠨ 23 ᠤ ᠡᠳᠦᠷ᠂ ᠲᠦᠮᠡᠳ ᠵᠡᠭᠦᠨ ᠬᠤᠰᠢᠭᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠳᠠᠶᠢᠴᠢᠯᠠᠯᠲᠠ ᠶᠢᠨ ᠬᠤᠷᠠᠯ ᠵᠢᠴᠢ ᠬᠤᠰᠢᠭᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠠᠮᠲᠤ ᠪᠠᠷ ᠬᠢᠴᠢᠶᠡᠯ ᠪᠡᠯᠡᠳᠬᠡᠬᠦ ᠬᠤᠷᠠᠯ ᠡᠷᠭᠢᠯᠡᠪᠡ᠃    ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠰᠣᠨᠢᠨ ᠮᠡᠳᠡᠭᠡ ᠬᠡᠪᠯᠡᠯ ᠤᠨ ᠡᠷᠬᠡ ᠶᠢᠨ ᠲᠣᠪᠴᠢᠶ᠎ᠠ ᠶᠢᠨ ᠳᠠᠷᠤᠭ᠎ᠠ ᠴᠧᠩ ᠵᠢᠩ ᠵᠢᠶᠦ᠋ᠨ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠡᠵᠡᠮᠳᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠶ᠎ᠡ︾ ᠭᠡᠬᠦ ᠰᠡᠳᠦᠪ ᠢᠶᠠᠷ ᠪᠥᠬᠦᠳᠡ ᠬᠤᠷᠠᠯ ᠤᠨ ᠭᠤᠤᠯ ᠰᠡᠳᠦᠪ ᠢ ᠭᠦᠨᠵᠡᠭᠡᠶ ᠤᠶᠢᠯᠠᠭᠠᠨ ᠡᠵᠡᠮᠰᠢᠬᠦ ᠶᠢᠨ ᠲᠣᠭᠤᠷᠢᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ᠂ ᠵᠢᠯᠣᠭᠤᠳᠬᠤ ᠦᠵᠡᠯ ᠰᠠᠨᠠᠭ᠎ᠠ᠂ ᠬᠠᠷᠠᠯᠲᠠ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠵᠡᠷᠭᠡ ᠲᠠᠯ᠎ᠠ ᠪᠠᠷ ᠨᠠᠷᠢᠯᠢᠭ ᠣᠨᠣᠴᠠᠲᠠᠶ ᠪᠠᠷ ᠲᠠᠶᠢᠯᠪᠤᠷᠢᠯᠠᠨ ᠭᠦᠨᠵᠡᠭᠡᠶ ᠲᠠᠶᠢᠯᠪᠤᠷᠢᠯᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠤᠶᠢᠯᠠᠭᠠᠨ᠂ ᠭᠦᠨᠵᠡᠭᠡᠶ ᠣᠶᠢᠯᠠᠭᠠᠵᠤ᠂ ᠪᠥᠬᠦ ᠲᠠᠯ᠎ᠠ ᠪᠠᠷ ᠡᠵᠡᠮᠰᠢᠵᠦ᠂ ᠤᠬᠠᠭᠤᠯᠤᠨ ᠲᠠᠶᠢᠯᠪᠤᠷᠢᠯᠠᠭᠰᠠᠨ ᠠᠭᠤᠯᠭ᠎ᠠ ᠨᠢ ᠣᠨᠣᠪᠴᠢᠲᠠᠶ ᠪᠠᠶᠢᠬᠤ ᠶᠢ ᠪᠠᠲᠤᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠶᠠᠷᠢᠬᠤ ᠬᠡᠷᠡᠭᠲᠡᠶ᠃ ᠪᠥᠬᠦ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠤᠬᠠᠭᠤᠯᠤᠨ ᠲᠠᠶᠢᠯᠪᠤᠷᠢᠯᠠᠬᠤ ᠠᠵᠢᠯ ᠢ ᠰᠢᠰᠲ᠋ᠧᠮ ᠲᠠᠢ ᠰᠠᠶᠢᠲᠤᠷ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠪᠣᠳᠠᠲᠤ ᠪᠠᠶᠢᠳᠠᠯ ᠢ ᠡᠵᠡᠮᠳᠡᠵᠦ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠶ᠃ ᠠᠵᠢᠯ ᠤᠨ ᠱᠠᠭᠠᠷᠳᠠᠯᠭ᠎ᠠ ᠶᠢ ᠡᠵᠡᠮᠳᠡᠵᠦ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠡᠶᠡᠯᠡᠭᠦᠯᠵᠦ᠂ ᠴᠢᠨᠠᠷ ᠰᠠᠶᠢᠲᠠᠶ ᠬᠢᠴᠢᠶᠡᠯ ᠪᠡᠯᠡᠳᠬᠡᠬᠦ ᠶᠢᠨ ᠬᠠᠮᠲᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠤᠯᠤᠰ ᠲᠥᠷᠥᠴᠢ ᠴᠢᠨᠠᠷ ᠪᠠ ᠲᠥᠪ ᠴᠢᠩᠭ᠎ᠠ ᠴᠢᠨᠠᠷ ᠢ ᠪᠠᠲᠤᠯᠠᠵᠤ᠂ ᠤᠬᠠᠭᠤᠯᠤᠨ ᠲᠠᠶᠢᠯᠪᠤᠷᠢᠯᠠᠬᠤ ᠶᠠᠪᠤᠴᠠ ᠳᠤ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠪᠠ ᠠᠭᠤᠯᠭ᠎ᠠ ᠶᠢ ᠲᠠᠰᠤᠷᠠᠯᠲᠠ ᠥᠬᠡᠶ ᠰᠠᠶᠢᠵᠢᠷᠠᠭᠤᠯᠵᠤ᠂ ᠤᠬᠠᠭᠤᠯᠤᠨ ᠲᠠᠶᠢᠯᠪᠤᠷᠢᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠦᠮᠡᠳ ᠵᠡᠭᠦᠨ ᠬᠤᠰᠢᠭᠤᠨ ᠳᠤ ᠨᠠᠶᠢᠳᠠᠪᠤᠷᠢᠵᠢᠭᠤᠯᠬᠤ ᠬᠡᠷᠡᠭᠲᠡᠶ᠃
 
ᠢᠷᠡᠯᠲᠡ᠄ ᠲᠦᠮᠡᠳ ᠵᠡᠭᠦᠨ‌ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号