ᠲᠦᠮᠡᠳ ᠵᠡᠭᠦᠨ ᠬᠤᠰᠢᠭᠤᠨ ᠤ ︽ᠪᠣᠯᠪᠠᠰᠤᠨ ᠤ ᠦᠢᠯᠡᠳᠦᠯᠭᠡ ᠳᠤ ᠪᠢ ᠪᠣᠯ ᠠᠵᠢᠯᠯᠠᠭᠴᠢ︾ ᠬᠤᠶᠠᠳᠤᠭᠠᠷ ᠬᠤᠭᠤᠴᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/8/5
   ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ︽ᠬᠠᠶᠢᠷ᠎ᠠ ᠬᠠᠯᠠᠮᠵᠢ ᠪᠠᠨ ᠵᠣᠷᠢᠭᠤᠯᠵᠤ ᠬᠠᠷᠢᠯᠴᠠᠨ ᠬᠠᠪᠰᠤᠷᠤᠯᠴᠠᠵᠤ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠲᠦᠮᠡᠳ ᠵᠡᠭᠦᠨ ᠬᠤᠰᠢᠭᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠨᠡᠷ᠎ᠡ ᠶᠢᠨ ᠬᠠᠭᠤᠳᠠᠰᠤ ᠶᠢ ᠭᠢᠯᠠᠯᠵᠠᠭᠤᠯᠵᠤ᠂ ᠪᠥᠬᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ︽ᠨᠠᠷᠢᠯᠢᠭ ᠣᠨᠣᠪᠴᠢᠵᠢᠭᠤᠯᠬᠤ᠂ ᠪᠠᠶᠢᠩᠭᠤᠵᠢᠭᠤᠯᠬᠤ᠂ ᠳᠥᠭᠦᠮᠴᠢᠯᠡᠬᠦ᠂ ᠲᠥᠷᠥᠯ ᠵᠦᠢᠯᠵᠢᠭᠦᠯᠬᠦ᠂ ᠨᠠᠷᠠᠲᠤ ᠲᠡᠮᠳᠡᠭᠵᠢᠭᠦᠯᠬᠦ︾ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 2 ᠤᠨ ᠡᠳᠦᠷ᠂ ᠲᠦᠮᠡᠳ ᠵᠡᠭᠦᠨ ᠬᠤᠰᠢᠭᠤ ︽ᠪᠣᠯᠪᠠᠰᠤᠨ ᠦᠢᠯᠡᠳᠦᠯᠭᠡ ᠳᠤ ᠪᠢ ᠪᠣᠯ ᠠᠵᠢᠯᠯᠠᠭᠴᠢ︾ ᠬᠤᠶᠠᠳᠤᠭᠠᠷ ᠬᠤᠭᠤᠴᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠡᠷᠭᠢᠯᠡᠪᠡ᠃    ᠡᠮᠦᠨᠡᠬᠢ ᠬᠤᠭᠤᠴᠠᠭᠠᠨ ᠤ ᠰᠣᠩᠭᠤᠯᠲᠠ᠂ ᠠᠩᠬᠠᠨ ᠤ ᠤᠷᠤᠯᠳᠤᠭᠠᠨ ᠤ ᠬᠢᠨᠠᠨ ᠲᠣᠭᠲᠠᠭᠠᠯᠲᠠ ᠵᠡᠷᠭᠡ ᠭᠤᠭᠴᠤᠭ᠎ᠠ ᠪᠠᠷ ᠳᠡᠮᠵᠢᠨ᠂ ᠨᠡᠶᠢᠲᠡ 17 ᠲᠥᠷᠥᠯ ᠵᠦᠢᠯ ᠢ ᠦᠨᠡᠯᠡᠨ ᠲᠣᠭᠲᠠᠭᠠᠵᠤ ᠲᠣᠰ ᠤᠳᠠᠭᠠᠨ ᠤ ᠲᠥᠷᠥᠯ ᠵᠦᠢᠯ ᠤᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ ᠣᠷᠣᠭᠤᠯᠪᠠ᠃ ᠤᠷᠤᠯᠳᠤᠭᠠᠨ ᠤ ᠳᠤᠮᠳᠠ᠂ ᠡᠯ᠎ᠡ ᠲᠥᠷᠥᠯ ᠵᠦᠢᠯ ᠤᠨ ᠬᠠᠷᠢᠭᠤᠴᠠᠯᠭᠠᠲᠠᠨ ᠲᠥᠷᠥᠯ ᠵᠦᠢᠯ ᠤᠨ ᠠᠬᠤᠶ ᠪᠠᠶᠢᠳᠠᠯ᠂ ᠲᠥᠷᠥᠯ ᠵᠦᠢᠯ ᠤᠨ ᠣᠨᠴᠠᠯᠢᠭ᠂ ᠭᠤᠤᠯ ᠠᠷᠭ᠎ᠠ ᠬᠢᠳᠡᠯ ᠪᠠ ᠲᠥᠷᠥᠯ ᠵᠦᠢᠯ ᠤᠨ ᠦᠷ᠎ᠡ ᠪᠦᠲᠦᠮᠵᠢ ᠵᠡᠷᠭᠡ ᠲᠠᠯ᠎ᠠ ᠪᠠᠷ PPT ᠲᠠᠢ ᠤᠶᠠᠯᠳᠤᠭᠤᠯᠤᠨ ᠭᠤᠶᠢᠳᠠ ᠰᠠᠶᠢᠬᠠᠨ ᠲᠣᠭᠯᠠᠯᠲᠠ ᠭᠠᠷᠭᠠᠪᠠ᠃ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠲᠦᠮᠡᠳ ᠵᠡᠭᠦᠨ ᠬᠤᠰᠢᠭᠤᠨ ᠤ ᠤᠳᠬ᠎ᠠ ᠤᠷᠠᠯᠢᠭ ᠤᠨ ᠬᠢᠨ ᠤ  ᠬᠤᠯᠪᠤᠭ᠎ᠠ ᠶᠢᠨ ᠬᠤ᠋ ᠰᠢᠤᠸᠠᠢ ᠶᠢᠩ ᠲᠣᠰ ᠤᠳᠠᠭᠠᠨ ᠤ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠢ ᠭᠥᠷᠳᠡᠪᠡ᠃    ᠳᠠᠷᠠᠭᠠᠴᠢ ᠶᠢᠨ ᠠᠯᠬᠤᠮ ᠳᠤ᠂ ᠲᠥᠪ ᠨᠢ ᠨᠡᠶᠢᠭᠡᠮ ᠤᠨ ᠡᠬᠢ ᠪᠠᠶᠠᠯᠢᠭ ᠢ ᠭᠦᠢᠴᠡᠳ ᠨᠡᠶᠢᠳᠬᠡᠵᠦ᠂ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠭᠠᠵᠠᠷ ︵ᠦᠷᠳᠡᠭᠡ︶᠂ ᠴᠡᠭ ᠲᠤ ᠲᠦᠰᠢᠭᠯᠡᠨ ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠶᠢᠩᠭᠤᠵᠢᠭᠤᠯᠬᠤ ᠂ ᠵᠢᠷᠤᠮᠵᠢᠭᠤᠯᠬᠤ᠂ ᠳᠦᠷᠢᠮᠵᠢᠭᠦᠯᠬᠦ ᠶᠢ ᠪᠡᠶᠡᠯᠡᠭᠦᠯᠬᠦ ᠶᠢᠨ ᠬᠠᠮᠲᠤ ᠨᠢᠭᠡ ᠪᠦᠯᠦᠭ ᠤᠯᠠᠨ ᠲᠦᠮᠡᠨ ᠲᠠᠢ ᠤᠢᠢᠷᠠᠳᠤᠭᠰᠠᠨ᠂ ᠬᠥᠮᠦᠰ ᠤᠨ ᠬᠦᠷᠢᠶᠡᠯᠡᠯ ᠢ ᠨᠢᠭᠲᠠᠷᠠᠭᠤᠯᠤᠭᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠪᠤᠢ ᠪᠣᠯᠭᠠᠨ᠎ᠠ᠃ ᠰᠢᠨ᠎ᠡ ᠦᠵᠡᠯ ᠰᠠᠨᠠᠭ᠎ᠠ᠂ ᠰᠢᠨ᠎ᠡ ᠲᠦᠷᠦ ᠶᠢᠨ ᠪᠤᠳᠤᠯᠭ᠎ᠠ᠂ ᠰᠢᠨ᠎ᠡ ᠬᠡᠪ ᠰᠤᠷᠲᠠᠯ ᠢ ᠠᠷᠠᠳ ᠤᠯᠠᠨ ᠤ ᠳᠡᠷᠭᠡᠳᠡ ᠬᠦᠷᠭᠡᠵᠦ᠂ ᠦᠨᠡᠨ ᠪᠣᠳᠠᠲᠠᠢ ᠦᠷ᠎ᠡ ᠪᠦᠲᠦᠮᠵᠢ ᠪᠠᠷ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠵᠦ᠂ ᠰᠢᠨ᠎ᠡ ᠠᠶᠠᠨ ᠵᠠᠮ ᠳᠤ ᠪᠣᠯᠪᠠᠰᠤᠨ ᠤ ᠦᠢᠯᠡᠳᠦᠯᠭᠡ ᠶᠢᠨ ᠰᠢᠨ᠎ᠡ ᠬᠠᠭᠤᠳᠠᠰᠤ ᠶᠢ ᠴᠢᠪᠬᠠᠳᠠᠨ᠎ᠠ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号