ᠥᠪᠥᠷ ᠮᠣᠩᠭᠤᠯ ᠤᠨ ᠲᠦᠮᠡᠳ ᠵᠡᠭᠦᠨ ᠬᠤᠰᠢᠭᠤ᠄ ᠭᠤᠭᠤᠳ ᠤᠨ ᠬᠤᠸᠠᠷ ᠮᠢᠷᠠᠯᠵᠠᠨ ᠳᠡᠯᠭᠡᠷᠡᠵᠦ᠂ ᠬᠤᠷᠢᠶᠠᠯᠲᠠ ᠶᠢᠨ ᠠᠬᠢᠴᠠ ᠶᠠᠭᠠᠷᠠᠤ ᠪᠠᠶᠢᠨ᠎ᠠ
ᠨᠡᠶᠢᠲᠡᠯᠡᠭᠰᠡᠨ ᠴᠠᠭ᠄
2024/8/7
   ᠵᠤᠨ ᠤ ᠤᠯᠠᠷᠢᠯ ᠳᠤ ᠥᠪᠥᠷ ᠮᠣᠩᠭᠤᠯ ᠤᠨ ᠬᠥᠬᠡᠬᠤᠲᠠ ᠶᠢᠨ ᠲᠦᠮᠡᠳ ᠵᠡᠭᠦᠨ  ᠬᠤᠰᠢᠭᠤᠨ ᠤ ᠪᠠᠢ ᠮᠢᠶᠣᠤ ᠽᠢ ᠪᠠᠯᠭᠠᠰᠤᠨ ᠤ ᠭᠦᠷᠳᠠᠮᠪᠠ ᠲᠤᠰᠬᠤᠨ ᠤ ᠵᠠᠭᠤᠨ ᠮᠦ ᠭᠤᠭᠤᠳ ᠤᠨ ᠴᠡᠴᠡᠭ ᠮᠢᠷᠠᠯᠵᠠᠨ ᠳᠡᠯᠭᠡᠷᠡᠵᠦ᠂  ᠬᠤᠷᠢᠶᠠᠯᠲᠠ ᠶᠢᠨ ᠬᠤᠭᠤᠴᠠᠭ᠎ᠠ ᠶᠢ ᠤᠭᠲᠤᠨ ᠠᠪᠤᠪᠠ᠃    ᠲᠠᠷᠢᠮᠠᠯ ᠤᠨ ᠰᠠᠭᠤᠷᠢᠨ ᠭᠠᠵᠠᠷ ᠲᠤ ᠨᠢᠳᠦ ᠲᠠᠯᠪᠢᠨ ᠦᠵᠡᠵᠦ᠂ ᠲᠠᠷᠢᠶᠠᠨ ᠭᠠᠵᠠᠷ ᠲᠤ  ᠴᠠᠶᠢᠮ᠎ᠠ ᠴᠠᠭᠠᠨ ᠪᠠᠶᠢᠯ᠎ᠠ᠃ ᠲᠤᠬᠠᠶ ᠶᠢᠨ ᠭᠠᠵᠠᠷ ᠤᠨ ᠲᠠᠷᠢᠶᠠᠴᠢᠳ ᠲᠠᠷᠢᠶᠠᠨ ᠦᠵᠦᠬᠦᠷ ᠢᠶᠠᠷ ᠶᠠᠭᠠᠷᠠᠯᠳᠤᠵᠤ ᠪᠠᠶᠢᠯ᠎ᠠ᠃    ᠮᠦ ᠪᠦᠷᠢ ᠶᠢᠨ ᠭᠤᠭᠤᠳ ᠪᠤᠯᠤᠨ ᠭᠤᠭᠤᠳ ᠤᠨ ᠬᠤᠸᠠᠷ ᠨᠢ ᠲᠤᠬᠠᠶ ᠶᠢᠨ ᠭᠠᠵᠠᠷ ᠤᠨ  ᠨᠤᠭᠤᠭᠠᠨ ᠤ ᠲᠠᠷᠢᠶᠠᠴᠢᠳ ᠲᠤ 1~1.5 ᠲᠦ᠋ᠮᠡᠨ ᠲᠥᠭᠦᠷᠢᠭ ᠤᠨ ᠣᠷᠤᠯᠭ᠎ᠠ ᠠᠪᠴᠢᠷᠠᠨ᠎ᠠ᠃ ᠳᠤᠬᠠᠢ ᠶᠢᠨ ᠭᠠᠵᠠᠷ ᠤᠨ ᠳᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠤᠨᠴᠠᠯᠢᠭᠳᠤ ᠠᠵᠤ ᠦᠢᠯᠡᠰ ᠤᠨ ᠨᠢᠬᠡ ᠪᠤᠯᠤᠨ᠎ᠠ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号