ᠮᠠᠨ ᠤ ᠣᠷᠣᠨ ᠤ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢᠨ ᠲᠦᠷᠦᠭᠦᠤ ᠪᠦᠯᠦᠭ ᠤᠨ ᠲᠤᠷᠰᠢᠯᠲᠠ ᠶᠢᠨ ᠲᠥᠷᠥᠯ ᠵᠦᠢᠯ ᠤᠨ 14 ᠰᠤᠷᠭᠠᠭᠤᠯᠢ ᠲᠤᠷᠰᠢᠯᠭ᠎ᠠ ᠪᠠᠨ ᠰᠣᠯᠢᠯᠴᠠᠪᠠ
ᠨᠡᠶᠢᠲᠡᠯᠡᠭᠰᠡᠨ ᠴᠠᠭ᠄
2024/8/9
   ᠲᠦᠷᠦᠭᠦᠬᠡᠨ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢᠨ ᠲᠦᠷᠦᠭᠦᠤ ᠪᠦᠯᠦᠭ ᠤᠨ ᠲᠤᠷᠰᠢᠯᠲᠠ ᠶᠢᠨ ᠲᠥᠷᠥᠯ ᠵᠦᠢᠯ ᠤᠨ ᠰᠤᠷᠭᠠᠭᠤᠯᠢ ᠶᠢᠨ 2024 ᠣᠨ ᠤ ᠠᠬᠤᠢ ᠲᠠᠯᠠᠪᠠᠢ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠬᠢᠴᠢᠶᠡᠯ ᠬᠥᠮᠦᠵᠢᠯ ᠤᠨ ᠦᠷ᠎ᠡ ᠪᠦᠲᠦᠭᠡᠯ ᠤᠨ ᠦᠵᠡᠭᠦᠯᠭᠡ ᠶᠢᠨ ᠠᠵᠢᠯᠯᠠᠭ᠎ᠠ ᠭᠦᠭᠡᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃    2022 ᠣᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ ᠰᠣᠷᠣᠬᠴᠢ ᠡᠯᠰᠡᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠵᠢᠭᠦᠯᠬᠦ ᠲᠥᠰᠥᠯ︾ ᠢ ᠵᠢᠩᠬᠢᠨᠢ ᠪᠠᠷ ᠨᠡᠶᠢᠲᠡᠯᠡᠵᠦ᠂ 2025 ᠣᠨ ᠳᠤ ᠮᠠᠨ ᠤ ᠣᠷᠣᠨ ︽3+1+2︾ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠰᠢᠯᠭᠠᠯᠲᠠ ᠶᠢᠨ ᠰᠢᠨ᠎ᠡ ᠵᠠᠭᠪᠤᠷ ᠢ ᠬᠡᠷᠡᠭᠵᠢᠭᠦᠯᠬᠦ ᠪᠠᠷ ᠲᠣᠭᠲᠠᠪᠠ᠃ ᠲᠣᠭᠲᠠᠴᠠ ᠶᠢᠨ ᠰᠢᠨ᠎ᠡ ᠶᠢ ᠡᠭᠦᠳᠴᠦ᠂ ᠡᠯ᠎ᠡ ᠠᠶᠢᠮᠠᠭ ᠬᠤᠲᠠ ᠪᠣᠯᠣᠨ ᠰᠤᠷᠭᠠᠭᠤᠯᠢ ᠶᠢ ᠵᠢᠯᠣᠭᠤᠳᠤᠨ ᠳᠠᠶᠢᠴᠢᠯᠠᠵᠤ᠂ ᠬᠥᠮᠥᠨ ᠬᠥᠮᠥᠵᠢᠭᠦᠯᠬᠦ ᠵᠠᠩᠭᠢᠯᠠᠭ᠎ᠠ ᠶᠢᠨ ᠭᠤᠭᠴᠤᠭ᠎ᠠ ᠪᠣᠯᠣᠨ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠰᠢᠨᠡᠳᠬᠡᠵᠦ ᠂ ᠬᠥᠮᠥᠨ ᠬᠥᠮᠥᠵᠢᠭᠦᠯᠬᠦ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠥᠷᠥᠭᠡᠰᠦᠭᠡᠯ ᠢᠶᠠᠷ ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ ᠤᠨ ᠬᠡᠯᠪᠡᠷᠢᠯ ᠢ ᠡᠷᠡᠰ ᠬᠤᠪᠢᠷᠠᠭᠤᠯᠵᠤ᠂ ᠰᠤᠷᠤᠬᠴᠢᠳ ᠤᠨ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢ ᠴᠢᠩᠭᠠᠳᠬᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠲᠦᠷᠦᠭᠦᠤ ᠪᠦᠯᠦᠭ ᠤᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠥᠷᠥᠯ ᠵᠦᠢᠯ ᠢ ᠡᠬᠢᠯᠡᠭᠦᠯᠦᠭᠰᠡᠨ ᠪᠥᠭᠡᠳ 2023 ᠣᠨ ᠤ 4 ᠰᠠᠷ᠎ᠠ ᠳᠤ ᠭᠦᠭᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠪᠤᠭᠤᠲᠤ ᠬᠤᠲᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ᠂ ᠤᠯᠠᠭᠠᠨᠬᠠᠳᠠ ᠶᠢᠨ ᠰᠢᠨ᠎ᠡ ᠬᠤᠲᠠ ᠶᠢᠨ ᠤᠯᠠᠭᠠᠨ ᠲᠤᠭ ᠳᠤᠮᠳᠠᠳᠤ ᠰᠤᠷᠭᠠᠭᠤᠯᠢ᠂ ᠮᠠᠨᠵᠤᠤᠷ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠵᠡᠷᠭᠡ ᠪᠦᠭᠦ ᠣᠷᠣᠨ ᠤ ᠲᠦᠷᠦᠭᠦᠤ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠥᠷᠥᠯ ᠵᠦᠢᠯ ᠤᠨ 14 ᠰᠤᠷᠭᠠᠭᠤᠯᠢ ᠶᠢ ᠰᠢᠯᠭᠠᠷᠠᠭᠤᠯᠤᠨ ᠰᠣᠩᠭᠤᠪᠠ᠃    ᠵᠢᠯ ᠭᠠᠷᠤᠢ ᠶᠢᠨ ᠲᠤᠷᠰᠢ ᠡᠯ᠎ᠡ ᠲᠤᠷᠰᠢᠯᠲᠠ ᠶᠢᠨ ᠲᠦᠷᠦᠯ ᠵᠦᠢᠯ ᠤᠨ ᠰᠤᠷᠭᠠᠭᠤᠯᠢ ᠶᠢᠨ ᠬᠢᠨ ᠵᠣᠷᠢᠭᠲᠠᠢ ᠪᠠᠷ ᠰᠦᠪᠡᠭᠴᠢᠯᠡᠵᠦ᠂ ᠵᠣᠷᠢᠭᠲᠠᠢ ᠪᠠᠷ ᠦᠢᠯᠡᠳᠦᠯᠭᠡᠵᠢᠭᠦᠯᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠬᠥᠮᠥᠨ ᠬᠥᠮᠥᠵᠢᠭᠦᠯᠬᠦ ᠰᠢᠰᠲ᠋ᠧᠮ ᠢ ᠴᠢᠷᠮᠠᠶᠢᠨ ᠪᠠᠶᠢᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠳᠡ ᠦᠭᠡᠢ ᠴᠢᠩᠭᠠᠳᠬᠠᠵᠤ᠂ ᠲᠤᠰ ᠲᠤᠰ ᠤᠨ ᠮᠡᠳᠡᠭᠦᠯᠦᠭᠰᠡᠨ ᠭᠤᠣᠯ ᠰᠡᠳᠦᠪ ᠤᠨ ᠲᠠᠯ᠎ᠠ ᠪᠠᠷ ᠴᠥᠮ ᠶᠡᠭᠡ ᠠᠮᠵᠢᠯᠲᠠ ᠣᠯᠵᠤ᠂ ︽ᠰᠡᠳᠦᠪ ᠢᠶᠠᠷ ᠬᠥᠲᠥᠯᠥᠨ ᠳᠠᠭᠠᠭᠤᠯᠬᠤ᠂ ᠡᠭᠡᠯᠵᠢᠯᠡᠭᠦᠯᠦᠨ ᠵᠣᠬᠢᠴᠠᠭᠤᠯᠬᠤ᠂ ᠰᠤᠳᠤᠯᠤᠨ ᠰᠤᠷᠤᠯᠴᠠᠵᠤ ᠳᠡᠭᠡᠭᠰᠢᠯᠡᠭᠦᠯᠭᠦ᠂ ᠦᠷ᠎ᠡ ᠪᠦᠲᠦᠭᠡᠯ ᠢᠶᠠᠷ ᠨᠥᠯᠥᠭᠡᠯᠡᠬᠦ︾ ᠪᠠᠷ ᠭᠤᠣᠯ ᠪᠤᠯᠭᠠᠬᠰᠠᠨ ᠠᠵᠢᠯ ᠤᠨ ᠲᠣᠭᠲᠠᠴᠠ ᠶᠢ ᠪᠦᠷᠢᠯᠳᠦᠭᠦᠯᠵᠡᠢ᠃ ᠲᠤᠰ ᠤᠳᠠᠭ᠎ᠠ ᠶᠢᠨ ᠠᠬᠤᠢ ᠲᠠᠯᠠᠪᠠᠶ ᠶᠢᠨ ᠬᠤᠷᠠᠯ ᠳᠤ 14 ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠢᠭᠡ ᠲᠠᠩᠬᠢᠮ ᠳᠤ ᠴᠤᠭᠯᠠᠷᠠᠵᠤ᠂ ᠬᠢᠴᠢᠶᠡᠯ ᠬᠥᠮᠦᠵᠢᠯ ᠤᠨ ᠥᠭᠡᠷᠡᠴᠢᠯᠡᠯᠲᠡ ᠶᠢᠨ ᠦᠵᠡᠭᠦᠯᠭᠡ ᠬᠢᠵᠦ᠂ ᠬᠢᠴᠢᠶᠡᠯ ᠲᠥᠷᠥᠯ ᠤᠨ ᠶᠠᠷᠢᠶᠠᠨ ᠤ ᠲᠠᠪᠴᠠᠩ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠰᠢᠯᠭᠠᠯᠲᠠ ᠶᠢᠨ ᠰᠢᠨ᠎ᠡ ᠥᠭᠡᠷᠡᠴᠢᠯᠡᠯᠲᠡ ᠶᠢᠨ ᠠᠬᠤᠢ ᠪᠠᠶᠢᠳᠠᠯ ᠳᠣᠣᠷᠠᠬᠢ ᠬᠢᠴᠢᠶᠡᠯ ᠬᠥᠮᠦᠵᠢᠯ ᠤᠨ ᠥᠭᠡᠷᠡᠴᠢᠯᠡᠯᠲᠡ ᠶᠢᠨ ᠠᠮᠵᠢᠯᠲᠠ ᠲᠠᠢ ᠲᠤᠷᠰᠢᠯᠭ᠎ᠠ ᠪᠠ ᠪᠦᠲᠦᠮᠵᠢᠲᠡᠶ ᠠᠷᠭ᠎ᠠ ᠬᠢᠳᠡᠯ ᠢ ᠦᠷᠭᠦᠯᠵᠢᠯᠡᠨ ᠰᠦᠪᠡᠭᠴᠢᠯᠡᠵᠦ᠂ ︽ᠰᠢᠨ᠎ᠡ ᠬᠢᠴᠢᠶᠡᠯ ᠲᠦᠷᠦᠯ᠂ ᠰᠢᠨ᠎ᠡ ᠵᠢᠭᠠᠬᠤ ᠮᠠᠲ᠋ᠧᠷᠢᠶᠠᠯ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠢᠨ᠎ᠡ ᠥᠭᠡᠷᠡᠴᠢᠯᠡᠯᠲᠡ︾ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠥᠪᠡᠷᠲᠡᠭᠡᠨ ᠵᠠᠰᠠᠬᠤ ᠣᠷᠣᠨ ᠤ ᠪᠤᠰᠤᠳ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠤᠯᠠᠮ ᠨᠢᠭᠡ ᠠᠯᠬᠤᠮ ᠠᠰᠢᠭᠲᠠᠢ ᠯᠠᠪᠯᠠᠯᠲᠠ ᠬᠠᠩᠭᠠᠵᠤ᠂ ᠮᠠᠨ ᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠭᠤᠯᠤᠭᠳᠠᠬᠤᠨ ᠤ ᠪᠠᠶᠢᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号