ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠤᠨ ︽ᠬᠤᠤᠰ ᠪᠠᠶᠠᠷ︾ ᠬᠦᠷᠴᠦ ᠢᠷᠡᠬᠦ | ᠲᠠᠰᠢᠷᠠᠮ ᠳᠤ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠠᠴᠠ ᠡᠮᠦᠨᠡᠬᠢ ᠭᠠᠯ | ᠤᠨᠲᠠᠷᠠᠭᠠᠬᠤ ᠠᠮᠤᠷ ᠲᠦᠪᠰᠢᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠯ᠎ᠡ ᠲᠥᠷᠥᠯ ᠤᠨ ᠭᠠᠯ ᠤᠨ | ᠭᠠᠮᠰᠢᠭ ᠤᠨ ᠳᠠᠯᠳᠠ ᠬᠡᠮ ᠢ ᠪᠥᠬᠦ ᠲᠠᠯ᠎ᠠ ᠪᠠᠷ ᠠᠷᠢᠯᠭᠠᠬᠤ ᠶᠢᠨ ᠲᠥᠯᠥᠭᠡ᠂ ᠣᠶᠢᠷ᠎ᠠ ᠳᠤ᠂ ᠪᠢᠴᠢᠭᠡᠴᠢ ᠪᠠᠯᠭᠠᠰᠤ | ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠲᠠᠢ ᠬᠠᠮᠲᠤᠷᠠᠨ ᠪᠠᠶᠠᠷ ᠤᠨ ᠡᠳᠦᠷ ᠠᠴᠠ | ᠡᠮᠦᠨᠡᠬᠢ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠢᠳᠡᠪᠬᠢᠲᠡᠶ ᠥᠷᠨᠢᠭᠦᠯᠵᠦ᠂ ᠠᠷᠠᠳ ᠣᠯᠠᠨ ᠤ | ᠪᠠᠶᠠᠷ ᠬᠥᠷ ᠲᠠᠢ ᠥᠯᠵᠡᠶ ᠪᠡᠯᠭᠡ ᠲᠠᠢ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠠᠮᠠᠷᠠᠯᠲᠠ ᠶᠢ | ᠥᠩᠭᠡᠷᠡᠭᠦᠯᠬᠦ ᠶᠢ ᠪᠠᠲᠤᠯᠠᠪᠠ᠃ | ᠪᠠᠶᠢᠴᠠᠭᠠᠬᠤ ᠳᠤᠭᠤᠶᠢᠯᠠᠩ ᠤᠨ ᠬᠢᠨ ᠭᠠᠯ ᠤᠨᠲᠠᠷᠠᠭᠠᠭᠤᠷ ᠵᠡᠷᠭᠡ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ | ᠬᠡᠷᠡᠭᠰᠡᠯ ᠤᠨ ᠪᠦᠷᠢᠨ ᠪᠦᠲᠦᠨ ᠪᠥᠭᠡᠳ ᠪᠦᠲᠦᠮᠵᠢᠲᠡᠶ ᠡᠰᠡᠬᠦ᠂ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ | ᠡᠭᠦᠳᠡ ᠰᠠᠭᠠᠳ ᠥᠬᠡᠶ ᠨᠡᠪᠲᠡᠷᠡᠬᠦ ᠡᠰᠡᠬᠦ᠂ ᠭᠠᠯ ᠴᠠᠬᠢᠯᠭᠠᠨ ᠬᠡᠷᠡᠭᠯᠡᠬᠦ ᠳᠤ ᠵᠢᠷᠤᠮᠵᠢᠯ ᠲᠠᠢ ᠡᠰᠡᠬᠦ ᠵᠡᠷᠭᠡ ᠶᠢ | ᠭᠤᠤᠯᠳᠠᠯᠭ᠎ᠠ ᠲᠠᠢ ᠪᠠᠶᠢᠴᠠᠭᠠᠨ ᠦᠵᠡᠵᠦ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠳᠠᠯᠳᠠ ᠬᠡᠮ ᠤᠨ | ᠠᠰᠠᠭᠤᠳᠠᠯ ᠢ ᠪᠠᠶᠢᠴᠠᠭᠠᠬᠤ ᠠᠵᠢᠯᠲᠠᠨ ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠰᠢᠮᠳᠠᠭᠤᠯᠬᠤ ᠶᠢᠨ ᠬᠠᠮᠲᠤ ᠬᠠᠮᠢᠶ᠎ᠠ ᠪᠥᠬᠦᠶ ᠬᠠᠷᠢᠭᠤᠴᠠᠯᠭᠠᠲᠠᠨ ᠳᠤ ᠦᠵᠡᠯ ᠰᠠᠨᠠᠭ᠎ᠠ | ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ | ᠬᠠᠷᠢᠭᠤᠴᠠᠯᠭᠠᠲᠤ ᠰᠡᠳᠬᠢᠯᠭᠡ ᠪᠠᠷ ᠪᠠᠶᠠᠷ ᠤᠨ ᠡᠳᠦᠷ ᠤᠨ ᠬᠤᠭᠤᠴᠠᠭᠠᠨ ᠳᠠᠬᠢ ᠭᠠᠯ ᠤᠨᠲᠠᠷᠠᠭᠠᠬᠤ ᠠᠮᠤᠷ | ᠲᠦᠪᠰᠢᠨ ᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ | ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠰᠠᠨᠠᠭᠤᠯᠪᠠ᠃ | ᠲᠠᠷᠠᠭᠠᠴᠢ ᠶᠢᠨ ᠠᠯᠬᠤᠮ ᠳᠤ᠂ ᠪᠢᠴᠢᠭᠡᠴᠢ ᠪᠠᠯᠭᠠᠰᠣ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠳᠠᠬᠢ | ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠡᠷᠴᠢᠮ ᠪᠠ ᠤᠬᠠᠭᠤᠯᠭ᠎ᠠ ᠶᠢᠨ ᠡᠷᠴᠢᠮ ᠢᠶᠠᠨ ᠤᠯᠠᠮ | ᠨᠢᠭᠡ ᠠᠯᠬᠤᠮ ᠴᠢᠩᠭᠠᠷᠠᠭᠤᠯᠵᠤ᠂ ᠳᠠᠯᠳᠠ ᠬᠡᠮ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ | ᠴᠠᠭ ᠲᠤᠬᠠᠶ ᠳᠤᠨᠢ ᠳᠠᠬᠢᠨ ᠪᠠᠶᠢᠴᠠᠭᠠᠵᠤ᠂ ᠡᠯ᠎ᠡ ᠲᠥᠷᠥᠯ ᠤᠨ ᠭᠠᠯ ᠤᠨ ᠭᠠᠮᠰᠢᠭ ᠤᠨ ᠳᠠᠯᠳᠠ ᠬᠡᠮ ᠢ ᠡᠷᠡᠰ | ᠠᠷᠢᠯᠭᠠᠵᠤ᠂ ︽ᠬᠤᠤᠰ ᠪᠠᠶᠠᠷ︾ ᠢ ᠪᠠᠲᠤ ᠴᠣᠭᠴᠠᠯᠠᠬᠤ ᠬᠤᠭᠤᠴᠠᠭᠠᠨ ᠳᠠᠬᠢ ᠭᠠᠯ ᠤᠨᠲᠠᠷᠠᠭᠠᠬᠤ ᠠᠮᠤᠷ | ᠲᠦᠪᠰᠢᠨ ᠤ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ |