ᠪᠠᠶᠠᠷ ᠤᠨ ᠮᠡᠳᠡᠭᠡ︕ ᠲᠦᠮᠡᠳ ᠵᠡᠭᠦᠨ ᠬᠤᠰᠢᠭᠤᠨ ᠤ ᠲᠥᠯᠥᠭᠡᠯᠡᠭᠴᠢᠳ ᠤᠨ ᠠᠩᠭᠢ ᠬᠤᠶᠠᠳᠤᠭᠠᠷ ᠳᠡᠰ ᠤᠨ ᠱᠠᠩᠨᠠᠯ ᠬᠦᠷᠲᠡᠪᠡ
ᠨᠡᠶᠢᠲᠡᠯᠡᠭᠰᠡᠨ ᠴᠠᠭ᠄
2024/9/11
    ᠲᠦᠮᠡᠳ ᠵᠡᠭᠦᠨ ᠬᠤᠰᠢᠭᠤᠨ ᠤ ᠲᠥᠯᠥᠭᠡᠯᠡᠭᠴᠢᠳ ᠤᠨ ᠠᠩᠭᠢ ᠪᠥᠬᠦ ᠬᠤᠲᠠ ᠶᠢᠨ ᠵᠠᠯᠠᠭᠤᠴᠤᠳ ᠪᠠᠭᠠᠴᠤᠳ ᠤᠨ ᠬᠤᠣᠷᠲᠤ ᠪᠣᠳᠠᠰ ᠢ ᠴᠠᠭᠠᠵᠠᠯᠠᠬᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠳᠤ ᠬᠤᠶᠠᠳᠤᠭᠠᠷ ᠳᠡᠰ ᠤᠨ ᠱᠠᠩᠨᠠᠯ ᠭᠥᠷᠳᠡᠭᠰᠡᠨ ᠢ ᠬᠠᠯᠠᠭᠤᠨ ᠢᠶᠠᠷ ᠪᠡᠯᠭᠡᠯᠡᠪᠡ︕    9 ᠰᠠᠷ᠎ᠠ ᠶᠢᠨ 7 ᠤ ᠡᠳᠦᠷ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠣᠯᠯᠠᠨ ᠡᠷᠬᠢᠯᠡᠭᠰᠡᠨ ᠪᠦᠬᠦ ᠬᠤᠲᠠ ᠶᠢᠨ ᠵᠠᠯᠠᠭᠤᠴᠤᠳ ᠪᠠᠭᠠᠴᠤᠳ ᠤᠨ ᠬᠤᠣᠷᠲᠤ ᠪᠣᠳᠠᠰ ᠢ ᠴᠠᠭᠠᠵᠠᠯᠠᠬᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠪᠡ᠃ ᠲᠦᠮᠡᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠬᠤᠰᠢᠭᠤᠨ ᠤ ᠨᠢᠭᠡᠳᠦᠭᠡᠷ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠠᠴᠠ ᠰᠣᠩᠭᠤᠨ ᠭᠠᠷᠭᠠᠭᠰᠠᠨ 3 ᠰᠤᠷᠤᠭᠴᠢ ᠠᠴᠠ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠵᠠᠶ᠃    ᠠᠵᠢᠯᠯᠠᠭ᠎ᠠ ᠶᠢᠨ ᠳᠤᠮᠳᠠ᠂ ᠰᠤᠷᠤᠭᠴᠢᠳ ᠤᠨ ᠢᠯᠡᠷᠡᠯ ᠲᠤᠪᠤᠶᠢᠮ᠎ᠠ᠂ ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ᠂ ᠬᠦᠴᠢᠷᠲᠡᠢ ᠶᠡᠭᠡ ᠰᠡᠳᠦᠪ ᠤᠨ ᠡᠮᠦᠨ᠎ᠡ᠂ ᠲᠡᠳᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠲᠠᠪᠤᠨ ᠭᠤᠭᠴᠤᠭ᠎ᠠ ᠶᠢᠨ ᠬᠤᠷᠴᠠ ᠰᠢᠷᠦᠭᠦᠨ ᠲᠡᠮᠡᠴᠡᠭᠡᠨ ᠢᠶᠠᠷ ᠳᠡᠮᠵᠢᠨ᠂ ᠡᠴᠦᠰ ᠲᠡᠭᠡᠨ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠬᠤᠰᠢᠭᠤᠨ ᠤ ᠨᠢᠭᠡᠳᠦᠭᠡᠷ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠯᠢᠨ ᠶᠤᠸᠠᠢ ᠨᠦᠬᠦᠷ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠣᠷᠲᠤ ᠪᠣᠳᠠᠰ ᠢ ᠴᠠᠭᠠᠵᠠᠯᠠᠬᠤ ᠮᠡᠳᠡᠯᠭᠡ ᠶᠢᠨ ᠤᠷᠤᠯᠳᠤᠭᠠᠨ ᠤ ᠲᠥᠯᠥᠭᠡᠯᠡᠭᠴᠢᠳ ᠤᠨ ᠠᠩᠭᠢ ᠳᠤ ᠳᠡᠪᠰᠢᠭᠦᠯᠦᠨ ᠬᠦᠷᠭᠡᠵᠦ ᠰᠣᠩᠭᠤᠭᠳᠠᠭᠰᠠᠨ ᠪᠠᠶᠢᠨ᠎ᠠ᠃ ᠲᠣᠰ ᠤᠳᠠᠭᠠᠨ ᠤ ᠬᠤᠤᠷ ᠴᠠᠭᠠᠵᠠᠯᠠᠬᠤ ᠮᠡᠳᠡᠯᠭᠡ ᠶᠢᠨ ᠤᠷᠤᠯᠳᠤᠭᠠᠨ ᠳᠤ ᠨᠡᠶᠢᠲᠡ 300 ᠬᠥᠮᠦᠨ ᠰᠦᠯᠵᠢᠶᠡᠨ ᠭᠠᠳᠠᠨᠠᠬᠢ ᠠᠵᠢᠯᠯᠠᠭ᠎ᠠ ᠳᠤ ᠣᠷᠣᠯᠴᠠᠬᠤ ᠶᠢᠨ ᠬᠠᠮᠲᠤ ᠰᠦᠯᠵᠢᠶᠡᠨ ᠳᠡᠭᠡᠷ᠎ᠡ ᠲᠤᠰᠬᠠᠶ ᠰᠡᠳᠦᠪᠲᠦ ᠰᠢᠭᠤᠳ ᠨᠡᠪᠲᠡᠷᠡᠭᠦᠯᠭᠡ ᠬᠢᠵᠦ᠂ ᠰᠦᠯᠵᠢᠶᠡᠨ ᠳᠡᠭᠡᠷᠡᠬᠢ ᠬᠥᠮᠦᠨ ᠤ ᠲᠤᠭ᠎ᠠ ᠨᠡᠶᠢᠲᠡ 50000 ᠭᠠᠷᠤᠶ ᠪᠣᠯᠪᠠ᠃ ᠲᠣᠰ ᠤᠳᠠᠭᠠᠨ ᠤ ᠠᠵᠢᠯᠯᠠᠭ᠎ᠠ ᠨᠢ ᠪᠥᠬᠦ ᠨᠡᠶᠢᠭᠡᠮ ᠳᠤ ᠬᠤᠣᠷᠲᠤ ᠪᠣᠳᠠᠰ ᠢ ᠴᠠᠭᠠᠵᠠᠯᠠᠬᠤ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠰᠠᠶᠢᠨ ᠰᠠᠶᠢᠬᠠᠨ ᠬᠤᠤᠷᠲᠤ ᠡᠳ᠋ ᠢ ᠰᠡᠷᠭᠡᠶᠢᠯᠡᠬᠦ ᠬᠥᠮᠦᠵᠢᠯ ᠤᠨ ᠦᠷ᠎ᠡ ᠪᠦᠲᠦᠮᠵᠢ ᠣᠯᠵᠤ᠂ ᠮᠠᠨ ᠤ ᠬᠤᠲᠠ ᠶᠢᠨ ᠪᠥᠬᠦ ᠤᠯᠤᠰ ᠤᠨ ᠬᠤᠣᠷᠲᠤ ᠪᠣᠳᠠᠰ ᠢ ᠴᠠᠭᠠᠵᠠᠯᠠᠬᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠠᠮᠤᠷ ᠠᠮᠤᠭᠤᠯᠠᠩ ᠲᠦᠮᠡᠳ ᠵᠡᠬᠦᠨ ᠬᠤᠰᠢᠭᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号