ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠠᠴᠠ ᠡᠮᠦᠨᠡᠬᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/9/11
    ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢᠨ ᠬᠡᠮ ᠰᠣᠭᠤᠭ ᠢ ᠰᠡᠷᠭᠡᠶᠢᠯᠡᠨ ᠠᠷᠢᠯᠭᠠᠵᠤ᠂ ᠪᠥᠬᠦ ᠬᠤᠰᠢᠭᠤᠨ ᠤ ᠠᠷᠠᠳ ᠣᠯᠠᠨ ᠤ ᠠᠮᠤᠷ ᠲᠥᠪᠰᠢᠨ ᠠᠮᠠᠷᠠᠯᠲᠠ ᠶᠢ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶᠠᠲᠤ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠡ ᠳᠤ ᠪᠠᠶᠠᠷ ᠤᠨ ᠡᠳᠦᠷ ᠠᠴᠠ ᠡᠮᠦᠨᠡᠬᠢ ᠠᠮᠤᠷ ᠲᠦᠪᠰᠢᠨ ᠤ ᠬᠢᠨᠠᠨ ᠪᠠᠶᠢᠴᠠᠭᠠᠯᠲᠠ ᠥᠷᠨᠢᠭᠦᠯᠪᠡ᠃    ᠲᠣᠰ ᠤᠳᠠᠭᠠᠨ ᠤ ᠪᠠᠶᠢᠴᠠᠭᠠᠯᠲᠠ ᠳᠤ ︽ᠳᠥᠷᠪᠡᠨ ᠥᠯᠥ ᠬᠤᠶᠠᠷ ᠰᠢᠭᠤᠳ︾ ᠠᠷᠭ᠎ᠠ ᠮᠠᠶ᠋ᠢᠭ ᠢ ᠠᠪᠴᠤ᠂ ᠠᠷᠠᠳ ᠤᠯᠠᠨ ᠬᠤᠷᠠᠨ ᠴᠤᠭᠯᠠᠷᠠᠭᠰᠠᠨ ᠲᠠᠯᠠᠪᠤᠷ ᠭᠠᠵᠠᠷ᠂ ᠡᠮᠨᠡᠯᠭᠡ ᠶᠢᠨ ᠬᠤᠷᠢᠶ᠎ᠠ᠂ ᠬᠡᠲᠦ ᠳᠡᠯᠭᠡᠭᠦᠷ᠂ ᠥᠨᠳᠥᠷ ᠳᠠᠪᠬᠤᠷᠭ᠎ᠠ ᠶᠢᠨ ᠣᠷᠣᠨ ᠰᠠᠭᠤᠴᠠ ᠶᠢᠨ ᠵᠢᠵᠢᠭ ᠲᠣᠭᠤᠷᠢᠭ ᠵᠡᠷᠭᠡ ᠭᠤᠤᠯᠳᠠᠯᠭ᠎ᠠ ᠲᠠᠢ ᠲᠠᠯᠠᠪᠤᠷ ᠤᠨ ᠴᠠᠬᠢᠯᠭᠠᠨ ᠱᠠᠲᠤ᠂ ᠳᠠᠷᠤᠯᠲᠠᠲᠤ ᠰᠠᠪᠠ ᠵᠡᠷᠭᠡ ᠣᠨᠴᠠ ᠲᠥᠷᠥᠯ ᠤᠨ ᠲᠣᠨᠤᠭ ᠲᠥᠬᠦᠭᠡᠷᠦᠮᠵᠢ ᠳᠤ ᠬᠢᠨᠠᠯᠲᠠ ᠲᠠᠯᠪᠢᠵᠤ ᠪᠠᠶᠢᠴᠠᠭᠠᠯᠲᠠ ᠥᠷᠨᠢᠭᠦᠯᠪᠡ᠃    ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠡ ᠶᠢᠨ ᠬᠠᠤᠯᠢ ᠶᠣᠰᠣᠭᠠᠷ ᠬᠡᠷᠡᠭᠯᠡᠬᠦ ᠶᠢ ᠳᠠᠩᠰᠠᠯᠠᠭᠤᠯᠤᠭᠰᠠᠨ ᠡᠰᠡᠬᠦ᠂ ᠬᠦᠴᠦᠨ ᠲᠠᠢ ᠬᠤᠭᠤᠴᠠᠭ᠎ᠠ ᠶᠢᠨ ᠳᠣᠲᠣᠷᠠᠬᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠭᠰᠡᠨ ᠮᠡᠳᠡᠭᠦᠯᠦᠯᠲᠡ᠂ ᠠᠵᠢᠯᠯᠠᠭᠰᠠᠳ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠦᠨᠡᠮᠯᠡᠯ ᠨᠢ ᠬᠦᠴᠦᠨ ᠲᠠᠢ ᠬᠤᠭᠤᠴᠠᠭᠠᠨ ᠳᠣᠲᠣᠷ᠎ᠠ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠭᠰᠠᠨ ᠡᠰᠡᠬᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠬᠢᠭᠰᠡᠨ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ᠎ᠠ ᠃ ᠡᠯ᠎ᠡ ᠭᠤᠤᠯᠳᠠᠯᠭ᠎ᠠ ᠲᠠᠢ ᠨᠢᠭᠡᠴᠡ ᠶᠢ ᠰᠢᠮᠳᠠᠭᠤᠯᠵᠤ ᠪᠠᠶᠢᠭᠠᠳ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠠᠮᠤᠷ ᠲᠦᠪᠰᠢᠨ ᠤ ᠬᠠᠮᠢᠶᠠᠷᠤᠭᠴᠢ ᠶᠢ ᠪᠦᠷᠢᠨ ᠭᠦᠢᠴᠡᠳ ᠳᠣᠭᠢᠷᠠᠭᠤᠯᠤᠨ᠂ ︽ᠡᠳᠦᠷ ᠲᠤ ᠬᠠᠮᠢᠶᠠᠷᠤᠨ ᠡᠵᠡᠮᠳᠡᠬᠦ᠂ ᠭᠠᠷᠠᠭ ᠲᠤ ᠵᠢᠭᠰᠠᠭᠠᠨ ᠪᠠᠶᠢᠴᠠᠭᠠᠬᠤ᠂ ᠰᠠᠷ᠎ᠠ ᠳᠤ ᠳᠣᠭᠢᠷᠠᠭᠤᠯᠬᠤ︾ ᠠᠵᠢᠯ ᠤᠨ ᠲᠦᠷᠢᠮ ᠢ ᠪᠦᠲᠦᠮᠵᠢᠲᠡᠶ ᠬᠡᠷᠡᠭᠵᠢᠭᠦᠯᠵᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠡ ᠳᠤ ᠣᠷᠣᠰᠢᠵᠤ ᠪᠠᠶᠢᠭ᠎ᠠ ᠳᠠᠯᠳᠠ ᠬᠡᠮ ᠤᠨ ᠠᠰᠠᠭᠤᠳᠠᠯ ᠳᠤ ᠴᠢᠭᠯᠡᠭᠦᠯᠦᠨ᠂ ᠬᠡᠷᠡᠭᠯᠡᠬᠦ ᠨᠢᠭᠡᠴᠡ ᠶᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ᠃    ᠲᠣᠰ ᠤᠳᠠᠭ᠎ᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠡ ᠶᠢ ᠨᠡᠶᠢᠲᠡ 9 ᠪᠠᠶᠢᠴᠠᠭᠠᠪᠠ᠃ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠤᠨ ᠡᠮᠦᠨ᠎ᠡ ᠬᠤᠶᠢᠨ᠎ᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号