ᠲᠦᠮᠡᠳ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠪᠣᠯᠪᠠᠰᠤᠨ ᠢ ᠳᠠᠮᠵᠢᠭᠤᠯᠵᠤ᠂ ᠠᠮᠢ ᠨᠠᠰᠤ ᠶᠢ ᠬᠠᠮᠠᠭᠠᠯᠠᠬᠤ︾ ᠡᠮ ᠡᠮᠨᠡᠯᠭᠡ ᠶᠢᠨ ᠡᠷᠡᠭᠦᠯ ᠮᠡᠨᠳᠦ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/11
   ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠦᠨ ᠪᠠᠲᠤ ᠪᠠᠬᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ᠂ ᠦᠨᠳᠦᠰᠦᠲᠡᠨ ᠨᠦᠭᠦᠳ ᠤᠨ ᠰᠤᠷᠤᠭᠴᠢᠳ ᠤᠨ ᠡᠷᠡᠭᠦᠯ ᠮᠡᠨᠳᠦ ᠶᠢᠨ ᠦᠵᠡᠯ ᠤᠬᠠᠮᠰᠠᠷ ᠢ ᠨᠡᠮᠡᠭᠳᠡᠭᠦᠯᠵᠦ᠂ ᠰᠤᠷᠤᠭᠴᠢᠳ ᠤᠨ ᠡᠪᠡᠳᠴᠢᠨ ᠦᠵᠡᠭᠦᠯᠬᠦ ᠳᠤ ᠦᠨᠡᠨ ᠬᠦ ᠲᠥᠬᠦᠮ ᠦᠵᠡᠭᠦᠯᠬᠦ ᠶᠢᠨ ᠲᠥᠯᠥᠭᠡ᠂ 9 ᠰᠠᠷ᠎ᠠ ᠶᠢᠨ 9 ᠤ ᠡᠳᠦᠷ᠂ ᠲᠦᠮᠡᠳ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠴᠠᠬᠠᠷ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠡᠮᠨᠡᠯᠭᠡ ᠶᠢᠨ ᠠᠵᠢᠯᠲᠠᠳ ᠢ ᠵᠣᠬᠢᠶᠠᠨ ᠪᠠᠶᠢᠭᠤᠯᠵᠤ ᠬᠤᠰᠢᠭᠤᠨ ᠤ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ︽ᠪᠣᠯᠪᠠᠰᠤᠨ ᠢ ᠳᠠᠮᠵᠢᠭᠤᠯᠵᠤ᠂ ᠠᠮᠢ ᠨᠠᠰᠤ ᠶᠢ ᠬᠠᠮᠠᠭᠠᠯᠠᠬᠤ︾ ᠡᠮ ᠡᠮᠨᠡᠯᠭᠡ ᠶᠢᠨ ᠡᠷᠡᠭᠦᠯ ᠮᠡᠨᠳᠦ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃    ᠲᠤᠬᠠᠶ ᠶᠢᠨ ᠲᠠᠯᠠᠪᠠᠶ ᠳᠤ᠂ ᠰᠣᠷᠤᠭᠴᠢᠳ ᠪᠠᠭᠰᠢ ᠬᠢᠭᠡᠳ ᠡᠮᠴᠢ ᠰᠤᠪᠢᠯᠠᠭᠴᠢ ᠶᠢᠨ ᠵᠢᠯᠣᠭᠤᠳᠣᠯᠭ᠎ᠠ ᠳᠣᠤᠷ᠎ᠠ ᠡᠮᠬᠢ ᠵᠢᠷᠤᠮ ᠲᠠᠢ ᠪᠠᠷ ᠮᠥᠷᠯᠡᠨ ᠲᠠᠯᠠᠪᠠᠶ ᠳᠤ ᠣᠷᠣᠵᠤ᠂ ᠡᠮᠨᠡᠯᠭᠡ ᠶᠢᠨ ᠠᠵᠢᠯᠲᠠᠳ  ᠰᠣᠷᠤᠭᠴᠢᠳ ᠲᠤ ᠴᠢᠰᠤᠨ ᠳᠠᠷᠤᠯᠲᠠ᠂ ᠬᠠᠷᠠᠭ᠎ᠠ᠂ ᠨᠢᠷᠤᠭᠤ ᠶᠢ ᠰᠢᠭᠰᠢᠨ ᠪᠠᠶᠢᠴᠠᠭᠠᠬᠤ ᠪᠠ ᠠᠮᠠᠨ ᠬᠥᠨᠳᠡᠶ ᠶᠢᠨ ᠡᠷᠡᠭᠦᠯ ᠮᠡᠨᠳᠦ ᠶᠢᠨ ᠪᠠᠶᠢᠴᠠᠭᠠᠯᠲᠠ ᠶᠢ ᠬᠦᠯᠢᠴᠡᠩᠭᠦᠶ ᠪᠠᠷ ᠨᠠᠷᠢᠨ ᠨᠢᠮᠪᠠᠶ ᠬᠢᠵᠦ ᠥᠭᠪᠡ᠃ ᠡᠭᠦᠨ ᠤ ᠬᠠᠮᠲᠤ᠂ ᠡᠮᠨᠡᠯᠭᠡ ᠶᠢᠨ ᠠᠵᠢᠯᠲᠠᠳ ᠰᠤᠷᠤᠭᠴᠢᠳ ᠤᠨ ᠡᠳᠦᠷ ᠲᠤᠲᠤᠮ ᠤᠨ ᠠᠮᠢᠳᠤᠷᠠᠯ᠂ ᠰᠤᠷᠤᠯᠭ᠎ᠠ ᠶᠢᠨ ᠳᠠᠳᠬᠠᠯ ᠢ ᠨᠠᠷᠢᠨ ᠠᠰᠠᠭᠤᠵᠤ᠂ ᠰᠤᠷᠤᠭᠴᠢᠳ ᠠᠰᠬᠠᠨ ᠵᠤᠭᠰᠤᠬᠤ ᠬᠢᠭᠡᠳ ᠨᠢᠷᠤᠭᠤ ᠪᠦᠯᠬᠦᠶᠢᠬᠦ ᠪᠠᠶᠢᠳᠠᠯ ᠢ ᠠᠵᠢᠭᠯᠠᠵᠤ᠂ ᠰᠤᠷᠤᠭᠴᠢᠳ ᠲᠤ ᠨᠢᠷᠤᠭᠤ ᠪᠠ ᠠᠮᠠᠨ ᠬᠥᠨᠳᠡᠶ ᠶᠢᠨ ᠡᠷᠡᠭᠦᠯ ᠮᠡᠨᠳᠦ ᠶᠢᠨ ᠶᠡᠷᠦ ᠶᠢᠨ ᠮᠡᠳᠡᠯᠭᠡ᠂ ᠥᠪᠡᠰᠦᠪᠡᠨ ᠪᠠᠶᠢᠴᠠᠭᠠᠬᠤ ᠠᠷᠭ᠎ᠠ ᠵᠢᠴᠢ ᠡᠳᠦᠷ ᠲᠤᠲᠤᠮ ᠤᠨ ᠠᠩᠬᠠᠷᠬᠤ ᠵᠦᠢᠯᠡᠰ ᠢ ᠲᠦᠭᠡᠮᠡᠯᠵᠢᠭᠦᠯᠵᠡᠶ᠃ ᠨᠢᠷᠤᠭᠤᠨ ᠶᠠᠰᠤ ᠨᠢ ᠮᠣᠷᠣᠢ ᠪᠣᠯᠣᠭᠰᠠᠨ ᠰᠡᠵᠢᠭᠲᠡᠶ ᠬᠡᠦᠬᠡᠳ ᠲᠤ ᠲᠤᠬᠠᠶ ᠶᠢᠨ ᠲᠠᠯᠠᠪᠠᠶ ᠳᠤ ᠬᠠᠷᠢᠮᠲᠠ ᠶᠢᠨ ᠬᠠᠭᠤᠳᠠᠰᠤ ᠲᠠᠷᠬᠠᠭᠠᠵᠤ᠂ ᠡᠮᠨᠡᠯᠭᠡ ᠳᠤ ᠣᠴᠢᠵᠤ ᠳᠠᠬᠢᠨ ᠪᠠᠶᠢᠴᠠᠭᠠᠬᠤ ᠶᠢ ᠰᠠᠨᠠᠭᠤᠯᠵᠠᠶ᠃ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠳᠤᠮᠳᠠ᠂ ᠡᠮᠨᠡᠯᠭᠡ ᠶᠢᠨ ᠠᠵᠢᠯᠲᠠᠳ ᠪᠠᠰᠠ ᠰᠤᠷᠤᠭᠴᠢᠳ ᠲᠤ ᠨᠠᠮ ᠪᠠ ᠤᠯᠤᠰ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ ᠥᠭᠪᠡ᠃    ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠰᠤᠷᠭᠠᠭᠤᠯᠢ ᠳᠤ ᠪᠠᠶᠢᠭ᠎ᠠ ᠰᠤᠷᠤᠭᠴᠢᠳ ᠲᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠭᠰᠠᠨ ᠢᠶᠠᠷ ᠪᠠᠷᠠᠬᠤ ᠥᠬᠡᠶ ᠪᠠᠰᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠤᠷᠭᠠᠭᠤᠯᠢ ᠶᠢᠨ ᠬᠦᠷᠢᠶᠡᠨ ᠳᠤ ᠭᠦᠨᠵᠡᠭᠡᠶᠢᠷᠡᠬᠦ ᠶᠢ ᠠᠬᠢᠭᠤᠯᠵᠤ᠂ ᠠᠨᠠᠷ ᠤᠨ ᠦᠷ᠎ᠡ ᠠᠰᠢᠭ ᠣᠯᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号