ᠲᠦᠮᠡᠳ ᠵᠡᠭᠦᠨ ᠬᠤᠰᠢᠭᠤᠨ ᠤ ᠰᠢᠨ᠎ᠡ ᠴᠠᠭ ᠦᠶ᠎ᠡ ᠶᠢᠨ ᠹᠦ᠋ ᠱᠧᠩ ᠨᠡᠶᠢᠲᠡ ᠶᠢᠨ ᠠᠰᠠᠷᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ︽ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠵᠤ ᠂ ᠬᠠᠶᠢᠷ᠎ᠠ ᠬᠠᠯᠠᠮᠵᠢ ᠶᠢ ᠦᠷᠬᠦᠯᠵᠢᠯᠡᠨ ᠳᠠᠮᠵᠢᠭᠤᠯᠬᠤ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/11
    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠯᠸᠢ ᠹᠧᠩ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠶᠢᠨ ᠲᠥᠯᠥᠭᠡ᠂ 9 ᠰᠠᠷ᠎ᠠ ᠶᠢᠨ 10 ᠤ ᠡᠳᠦᠷ᠂ ᠲᠦᠮᠡᠳ ᠵᠡᠭᠦᠨ ᠬᠤᠰᠢᠭᠤᠨ ᠤ ᠰᠢᠨ᠎ᠡ ᠴᠠᠭ ᠦᠶ᠎ᠡ ᠶᠢᠨ ᠨᠡᠶᠢᠲᠡ ᠶᠢᠨ ᠠᠰᠠᠷᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ︽ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠵᠤ᠂ ᠬᠠᠶᠢᠷ᠎ᠠ ᠬᠠᠯᠠᠮᠵᠢ ᠶᠢ ᠦᠷᠬᠦᠯᠵᠢᠯᠡᠨ ᠳᠠᠮᠵᠢᠭᠤᠯᠬᠤ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠰᠠᠶᠢᠨ ᠳᠤᠷᠠᠴᠤᠳ ᠵᠢᠴᠢ ᠬᠤᠲᠠ ᠶᠢᠨ ᠠᠷᠠᠳ ᠣᠯᠠᠨ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠢᠳᠡᠪᠬᠢᠲᠡᠶ ᠪᠠᠷ ᠣᠷᠣᠯᠴᠠᠵᠠᠶ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠣᠯᠠᠨ ᠢᠶᠠᠷ ᠢᠶᠠᠨ ᠰᠠᠶᠢᠨ ᠳᠤᠷ᠎ᠠ ᠶᠢᠨ  ᠦᠢᠯᠡᠴᠢᠯᠡᠭᠡᠨ ᠤ ᠠᠩᠭᠢ ᠶᠢᠨ ᠠᠵᠢᠯᠲᠠᠨ ᠤ ᠵᠢᠯᠣᠭᠤᠳᠣᠯᠭ᠎ᠠ ᠳᠣᠤᠷ᠎ᠠ᠂ ᠲᠠᠰ ᠳᠠᠷᠠᠭᠠᠯᠠᠨ ᠬᠦᠰᠦᠨᠦᠭ ᠲᠠᠭᠯᠠᠨ ᠳᠡᠩᠰᠡᠯᠡᠵᠦ᠂ ᠴᠢᠰᠤᠨ ᠳᠠᠷᠤᠯᠲᠠ ᠶᠢ ᠬᠡᠮᠵᠢᠨ᠂ ᠠᠩᠬ᠎ᠠ ᠰᠢᠭᠰᠢᠨ ᠪᠠᠶᠢᠴᠠᠭᠠᠵᠤ᠂ ᠡᠯ᠎ᠡ ᠵᠦᠢᠯ ᠤᠨ ᠪᠠᠶᠢᠴᠠᠭᠠᠯᠲᠠ ᠨᠢ ᠬᠢᠷᠢ ᠲᠡᠩᠴᠡᠭᠰᠡᠨ ᠤ ᠳᠠᠷᠠᠭ᠎ᠠ ᠴᠢᠰᠤ ᠡᠷᠬᠦᠬᠦ ᠭᠠᠵᠠᠷ ᠲᠤ ᠬᠦᠷᠴᠦ᠂ ᠥᠪᠡᠷ ᠤᠨ ᠨᠢᠭᠡ ᠬᠤᠪᠢ ᠬᠠᠶᠢᠷ᠎ᠠ ᠪᠠᠨ ᠳᠡᠪᠰᠢᠭᠦᠯᠪᠡ᠃ ᠴᠢᠰᠤ ᠡᠷᠭᠦᠬᠦ ᠳᠠᠭᠤᠰᠤᠭᠰᠠᠨ ᠤ ᠳᠠᠷᠠᠭ᠎ᠠ᠂ ᠠᠵᠢᠯᠲᠠᠳ ᠣᠯᠠᠨ ᠳᠤ ᠰᠢᠮ᠎ᠡ ᠲᠡᠵᠢᠭᠡᠯᠲᠦ ᠢᠳᠡᠭᠡᠨ ᠤᠮᠳᠠᠭᠠᠨ ᠬᠤᠪᠢᠶᠠᠨ ᠥᠭᠴᠦ᠂ ᠴᠢᠰᠤ ᠡᠷᠭᠦᠬᠦ ᠬᠥᠮᠦᠰ ᠢ ᠬᠠᠪᠰᠤᠷᠤᠨ ᠪᠡᠶ᠎ᠡ ᠶᠢᠨ ᠬᠦᠴᠦᠨ ᠢ ᠨᠢ ᠲᠦᠷᠭᠡᠨ ᠰᠡᠷᠭᠦᠭᠡᠪᠡ᠃    ᠲᠣᠰ ᠤᠳᠠᠭ᠎ᠠ ᠴᠢᠰᠤ ᠬᠠᠨᠳᠢᠪᠯᠠᠬᠤ ᠳᠤ ᠣᠯᠠᠨ ᠤᠳᠠᠭ᠎ᠠ ᠣᠷᠣᠯᠴᠠᠭᠰᠠᠨ ︽ᠴᠢᠰᠤ ᠬᠠᠨᠳᠢᠪᠯᠠᠭᠴᠢ︾ ᠪᠠᠶᠢᠬᠤ ᠪᠥᠭᠡᠳ ᠪᠠᠰᠠ ᠠᠩᠬ᠎ᠠ ᠤᠳᠠᠭ᠎ᠠ ᠴᠢᠰᠤ ᠬᠠᠨᠳᠢᠪᠯᠠᠭᠰᠠᠨ ᠬᠠᠶᠢᠷ᠎ᠠ ᠬᠠᠯᠠᠮᠵᠢ ᠲᠠᠢ ᠬᠥᠮᠦᠰ ᠪᠠᠶᠢᠨ᠎ᠠ᠃ ᠲᠡᠳᠡᠨ ᠤ ᠠᠵᠢᠯ ᠤᠨ ᠪᠠᠶᠢᠷᠢ ᠨᠢ ᠠᠳᠠᠯᠢ ᠪᠤᠰᠤ᠂ ᠨᠠᠰᠤ ᠨᠢ ᠠᠳᠠᠯᠢ ᠪᠤᠰᠤ ᠪᠣᠯᠪᠠᠴᠤ ᠣᠷᠭᠢᠯᠤᠮ᠎ᠠ ᠬᠠᠯᠠᠭᠤᠨ ᠬᠠᠶᠢᠷ᠎ᠠ ᠬᠠᠯᠠᠮᠵᠢ ᠶᠢ ᠡᠪᠦᠷᠯᠡᠨ᠂ ᠪᠣᠳᠠᠲᠤ ᠠᠵᠢᠯᠯᠠᠭ᠎ᠠ ᠪᠠᠷ ᠢᠶᠠᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠬᠠᠷᠠᠭᠤᠯᠵᠤ ᠪᠠᠶᠢᠨ᠎ᠠ᠃    ᠲᠦᠮᠡᠳ ᠵᠡᠭᠦᠨ ᠬᠤᠰᠢᠭᠤᠨ ᠤ ᠲᠦᠮᠡᠳ ᠵᠡᠭᠦᠨ ᠬᠤᠰᠢᠭᠤᠨ ᠤ ᠰᠢᠨ᠎ᠡ ᠴᠠᠭ ᠦᠶ᠎ᠡ ᠶᠢᠨ ᠹᠦ᠋ ᠱᠧᠩ ᠨᠡᠶᠢᠲᠡ ᠶᠢᠨ ᠠᠰᠠᠷᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ 2016 ᠣᠨ ᠳᠤ ᠪᠠᠶᠢᠭᠤᠯᠤᠭᠳᠠᠭᠰᠠᠨ ᠠᠴᠠ ᠨᠠᠰᠢ᠂ ᠡᠯ᠎ᠡ ᠵᠦᠢᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠵᠢᠳᠬᠦᠵᠦ᠂ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢ ᠨᠢᠭᠡᠨᠲᠡ ᠮᠢᠩᠭ᠎ᠠ ᠭᠠᠷᠤᠶ ᠬᠥᠮᠦᠨ ᠪᠣᠯᠭᠠᠨ ᠬᠥᠭᠵᠢᠭᠦᠯᠦᠨ ᠪᠤᠵᠠᠭᠠᠶᠢᠷᠠᠭᠤᠯᠵᠤ᠂ ᠲᠦᠮᠡᠨ ᠭᠠᠷᠤᠢ ᠤᠳᠠᠭ᠎ᠠ ᠳᠤ ᠦᠢᠯᠡᠴᠢᠯᠡᠭᠡ ᠳᠤ ᠤᠷᠤᠯᠴᠠᠪᠠ᠃ ᠡᠭᠦᠨ ᠳᠤ ᠭᠤᠤᠯᠳᠠᠯᠭ᠎ᠠ ᠲᠠᠢ ᠥᠷᠨᠢᠭᠦᠯᠦᠭᠰᠡᠨ ᠨᠡᠶᠢᠲᠡ ᠶᠢᠨ ᠠᠰᠠᠷᠠᠮᠵᠢ ᠶᠢᠨ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠲᠥᠷᠥᠯ ᠵᠦᠢᠯ ᠤᠨ ᠴᠢᠰᠤ ᠬᠠᠨᠳᠢᠪᠯᠠᠭᠰᠠᠨ ᠬᠡᠮᠵᠢᠶ᠎ᠡ ᠨᠢ ᠨᠢᠭᠡᠨᠲᠡ ᠬᠤᠶᠠᠷ ᠵᠠᠭᠤ ᠭᠠᠷᠤᠶ ᠲᠦᠮᠡᠨ  ᠮᠢᠯᠢᠯᠢᠲᠷ ᠬᠦᠷᠴᠦ᠂ ᠨᠡᠶᠢᠲᠡ ᠶᠢᠨ ᠠᠰᠠᠷᠠᠮᠵᠢ ᠪᠠ ᠡᠮ ᠡᠮᠨᠡᠯᠭᠡ ᠶᠢᠨ ᠦᠢᠯᠡᠰ ᠲᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃    ᠲᠣᠰ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠨᠠᠩ ᠣᠯᠠᠨ ᠬᠥᠮᠦᠰ ᠲᠤ ᠰᠠᠶᠢᠨ ᠳᠤᠷ᠎ᠠ ᠶᠢᠨ ᠦᠢᠯᠡᠴᠢᠯᠡᠭᠡ ᠪᠠ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠡᠩᠨᠡᠭᠡᠨ ᠳᠤ ᠣᠷᠣᠯᠴᠠᠭᠤᠯᠵᠤ ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯᠭᠡ ᠲᠠᠢ ᠪᠠ ᠨᠡᠶᠢᠭᠡᠮ ᠳᠤ ᠬᠠᠷᠠᠮ ᠥᠬᠡᠶ ᠵᠣᠷᠢᠭᠤᠯᠬᠤ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠬᠤ ᠶᠢ ᠬᠦᠰᠡᠵᠦ ᠪᠠᠶᠢᠨ᠎ᠠ ᠭᠡᠵᠡᠶ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号