ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 2024 ᠣᠨ ᠤ 1-8 ᠰᠠᠷ᠎ᠠ ᠶᠢᠨ ︽ᠪᠦᠷᠢᠨ ᠴᠢᠳᠠᠮᠵᠢᠲᠤ ᠺᠠᠷᠲ︾ ᠲᠤ 30995.42 ᠲᠦᠮᠡᠨ ᠲᠥᠭᠦᠷᠢᠭ ᠤᠨ ᠨᠥᠬᠦᠪᠥᠷᠢ ᠲᠠᠷᠬᠠᠭᠠᠪᠠ
ᠨᠡᠶᠢᠲᠡᠯᠡᠭᠰᠡᠨ ᠴᠠᠭ᠄
2024/9/2
    2024 ᠣᠨ ᠤ 1 ᠰᠠᠷ᠎ᠠ ᠠᠴᠠ 8 ᠰᠠᠷ᠎ᠠ ᠪᠣᠯᠲᠠᠯ᠎ᠠ᠂ ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠦᠷᠢᠨ ᠴᠢᠳᠠᠮᠵᠢᠲᠤ ᠺᠠᠷᠲ ᠢᠶᠠᠷ ᠳᠠᠮᠵᠢᠭᠤᠯᠤᠨ ᠨᠡᠶᠢᠲᠡ 30995.42 ᠲᠦᠮᠡᠨ ᠲᠥᠭᠦᠷᠢᠭ ᠤᠨ ᠨᠥᠬᠦᠪᠥᠷᠢ ᠣᠯᠭᠤᠵᠤ᠂ ᠭᠤᠤᠯᠳᠠᠭᠤ ᠲᠠᠷᠢᠶᠠᠯᠠᠩ ᠤᠨ ᠬᠦᠷᠢᠶᠡᠨ ᠳᠠᠬᠢ 8489.61 ᠲᠦᠮᠡᠨ ᠲᠥᠭᠦᠷᠢᠭ᠂ ᠣᠶ ᠰᠢᠭᠤᠶ ᠶᠢᠨ ᠬᠦᠷᠢᠶᠡᠨ ᠳᠠᠬᠢ 5.29 ᠲᠦᠮᠡᠨ ᠲᠥᠭᠦᠷᠢᠭ᠂ ᠲᠥᠯᠥᠪᠯᠡᠭᠡᠲᠦ ᠦᠷᠡᠵᠢᠯ ᠤᠨ ᠬᠦᠷᠢᠶᠡᠨ ᠳᠠᠬᠢ 993.78 ᠲᠦᠮᠡᠨ ᠲᠥᠭᠦᠷᠢᠭ᠂ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ 557.84 ᠲᠦᠮᠡᠨ ᠲᠥᠭᠦᠷᠢᠭ᠂ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ 19296.36 ᠲᠦᠮᠡᠨ ᠲᠥᠭᠦᠷᠢᠭ᠂ ᠴᠠᠯᠢᠩ ᠤᠨ ᠨᠥᠬᠦᠪᠥᠷᠢ ᠶᠢᠨ ᠬᠦᠷᠢᠶ᠎ᠡ 1652.54 ᠲᠦᠮᠡᠨ ᠲᠥᠭᠦᠷᠢᠭ ᠵᠡᠷᠭᠡ ᠶᠢ ᠪᠠᠭᠲᠠᠭᠠᠪᠠ᠃ ᠪᠥᠬᠦ ᠬᠤᠰᠢᠭᠤᠨ ᠤ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠪᠠ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠬᠦᠴᠦᠲᠡᠶ ᠠᠬᠢᠭᠤᠯᠵᠤ᠂ ᠥᠷᠭᠡᠨ ᠣᠯᠠᠨ ᠲᠠᠷᠢᠶᠠᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠪᠡ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号