ᠳᠥᠷᠪᠡᠨ ᠰᠠᠯᠠᠭ᠎ᠠ ᠮᠥᠴᠢᠷ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/9/2
    ᠰᠤᠷᠪᠤᠯᠵᠢᠯᠠᠬᠴᠢ 30 ᠤ ᠡᠳᠦᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠬᠡᠦᠬᠡᠳ ᠤᠨ ᠴᠡᠴᠡᠷᠯᠢᠭ ᠤᠨ ᠳᠠᠷᠤᠭ᠎ᠠ ᠡᠨᠡ ᠵᠢᠯ ᠤᠨ 9 ᠰᠠᠷ᠎ᠠ ᠳᠤ ᠨᠠᠭᠠᠲᠤ ᠵᠠᠬ᠎ᠠ ᠳᠠᠭᠠᠨ ᠬᠤᠭᠤᠯᠠᠨ ᠭᠡᠷ ᠲᠤ ᠨᠢᠭᠡ ᠤᠳᠠᠭᠠᠨ ᠤ ᠠᠬᠤᠢ ᠲᠠᠯᠠᠪᠠᠶ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠰᠤᠷᠭᠠᠭᠤᠯᠢ ᠶᠢᠨ ᠬᠤᠭᠤᠯᠠᠨ ᠭᠡᠷ ᠤᠨ ᠬᠤᠭᠤᠯᠠᠯᠠᠬᠤ ᠣᠷᠴᠢᠨ ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ ; ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠮᠲᠤ ᠬᠤᠭᠤᠯᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃    ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠰᠤᠷᠭᠠᠨ ᠬᠥᠮᠦᠵᠢᠯ ᠤᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠣᠶᠢᠷ᠎ᠠ ᠳᠤ ᠬᠠᠮᠲᠤᠷᠠᠨ ︽2024 ᠣᠨ ᠤ ᠨᠠᠮᠤᠷ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ 2024 ᠣᠨ ᠤ ᠨᠠᠮᠤᠷ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠢᠳᠡᠭᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠵᠦ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠬᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠲᠤᠬᠠᠢ ᠪᠠᠶᠢᠷᠢᠯᠠᠭᠤᠯᠪᠠ᠃    ᠮᠡᠳᠡᠭᠳᠡᠯ ᠳᠤ᠂ ᠰᠤᠷᠭᠠᠭᠤᠯᠢ ᠶᠢᠨ ᠬᠤᠭᠤᠯᠠᠨ ᠭᠡᠷ ᠡᠯ᠎ᠡ ᠭᠤᠭᠴᠤᠭ᠎ᠠ ᠶᠢᠨ ᠶᠠᠪᠤᠴᠠ ᠶᠢ ᠵᠣᠬᠢᠰᠲᠠᠢ ᠪᠠᠶᠢᠷᠢᠰᠢᠭᠤᠯᠵᠤ᠂ ᠢᠳᠡᠭᠡᠨ ᠬᠠᠳᠠᠭᠠᠯᠠᠬᠤ᠂ ᠠᠩᠬ᠎ᠠ ᠡᠳ᠋ᠰᠢᠭᠦᠯᠬᠦ᠂ ᠬᠡᠷᠴᠢᠵᠦ ᠲᠣᠬᠢᠷᠠᠭᠤᠯᠬᠤ᠂ ᠬᠤᠭᠤᠯᠠ ᠬᠢᠬᠦ᠂ ᠬᠤᠭᠤᠯᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠵᠡᠷᠭᠡ ᠲᠠᠯᠠᠪᠤᠷ ᠭᠠᠷᠭᠠᠬᠤ ᠬᠡᠷᠡᠭᠲᠡᠢ᠃ ︽ᠭᠤᠷᠪᠠ ᠶᠢ ᠰᠡᠷᠭᠡᠶᠢᠯᠡᠬᠦ︾ ᠲᠤᠨᠤᠭ ᠲᠥᠬᠦᠭᠡᠷᠦᠮᠵᠢ ᠶᠢᠨ ᠠᠷᠢᠭᠤᠨ ᠴᠡᠪᠡᠷ ᠢ ᠬᠠᠮᠠᠭᠠᠯᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠬᠥᠨᠥᠭᠡᠯᠲᠡᠢ ᠠᠮᠢᠳᠤ ᠪᠣᠳᠠᠰ ᠤᠨ ᠣᠷᠣᠵᠤ ᠢᠷᠡᠬᠦ ᠪᠠ ᠦᠷᠡᠵᠢᠬᠦ ᠶᠢ ᠰᠡᠷᠭᠡᠶᠢᠯᠡᠬᠦ ᠬᠡᠷᠡᠭᠲᠡᠢ᠃ ᠢᠳᠡᠭᠡᠨ ᠠᠴᠠ ᠢᠷᠡᠯᠲᠡ ᠲᠠᠢ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠰᠢᠮ᠎ᠡ ᠲᠡᠵᠢᠭᠡᠯ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠰᠤᠷᠤᠬᠴᠢᠳ ᠤᠨ ᠬᠤᠭᠤᠯᠠ ᠤᠮᠳᠠ ᠶᠢᠨ ᠲᠣᠰᠣ ᠶᠢ ᠪᠠᠭᠠᠰᠬᠠᠬᠤ᠂ ᠳᠠᠪᠤᠰᠤ ᠶᠢ ᠪᠠᠭᠠᠰᠬᠠᠬᠤ᠂ ᠰᠢᠬᠢᠷ ᠢ ᠪᠠᠭᠠᠰᠬᠠᠬᠤ ᠶᠢ ᠰᠠᠨᠠᠭᠠᠴᠢᠯᠠᠬᠤ ᠬᠡᠷᠡᠭᠲᠡᠢ᠃ ᠬᠤᠭᠤᠯᠠ ᠬᠠᠩᠭᠠᠬᠤ ᠬᠥᠮᠥᠨ ᠤ ᠲᠤᠭ᠎ᠠ ᠯᠤᠭ᠎ᠠ ᠲᠣᠬᠢᠷᠠᠯᠴᠠᠭᠰᠠᠨ ᠬᠤᠭᠤᠯᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ ᠲᠤᠨᠤᠭ ᠲᠥᠬᠦᠭᠡᠷᠦᠮᠵᠢ ᠲᠣᠬᠢᠷᠠᠭᠤᠯᠵᠤ᠂ ᠤᠬᠢᠶᠠᠵᠤ ᠠᠷᠢᠭᠤᠳᠬᠠᠬᠤ ᠠᠵᠢᠯ ᠤᠨ ᠪᠠᠶᠢᠷᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠡᠭᠦᠯᠳᠡᠷᠵᠢᠭᠦᠯᠦᠨ᠂ ᠡᠯ᠎ᠡ ᠭᠤᠭᠴᠤᠭ᠎ᠠ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠬᠤᠭᠤᠯᠠᠨ ᠤ ᠪᠠᠭᠠᠵᠢ ᠬᠡᠷᠡᠭᠰᠡᠯ ᠤᠨ ᠠᠷᠢᠭᠤᠨ ᠴᠡᠪᠡᠷ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠨᠥᠬᠦᠴᠡᠯ ᠲᠠᠢ ᠭᠠᠵᠠᠷ ᠣᠷᠣᠨ ᠪᠣᠯᠣᠨ ᠰᠤᠷᠭᠠᠭᠤᠯᠢ ᠶᠢ ᠵᠢᠯᠣᠭᠤᠳᠤᠨ ᠪᠥᠭᠡᠮ ᠢᠳᠡᠭᠡᠨ ᠤ ᠮᠠᠲ᠋ᠧᠷᠢᠶᠠᠯ ᠳᠤ ᠢᠯᠡ ᠪᠠᠷ ᠳᠠᠭᠠᠭᠠᠴᠢᠯᠠᠯᠲᠠ ᠵᠠᠷᠯᠠᠬᠤ᠂ ᠲᠥᠪᠯᠡᠷᠡᠭᠦᠯᠦᠨ ᠴᠡᠭ ᠲᠣᠭᠲᠠᠭᠠᠨ ᠬᠤᠳᠠᠯᠳᠤᠨ ᠠᠪᠬᠤ ᠳᠦᠷᠢᠮ ᠪᠣᠯᠣᠨ ᠦᠨᠡᠯᠡᠨ ᠪᠤᠴᠠᠭᠠᠵᠤ ᠭᠠᠷᠭᠠᠬᠤ ᠲᠣᠭᠲᠠᠴᠠ ᠶᠢ ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠨᠡᠶᠢᠲᠡᠯᠡᠬᠦ ᠬᠡᠷᠡᠭᠲᠡᠢ᠃ ᠰᠤᠷᠭᠠᠭᠤᠯᠢ ᠶᠢᠨ ᠬᠤᠭᠤᠯᠠᠨ ᠭᠡᠷ ᠪᠣᠯᠣᠨ ᠰᠤᠷᠭᠠᠭᠤᠯᠢ ᠶᠢᠨ ᠭᠠᠳᠠᠨᠠᠬᠢ ᠬᠤᠭᠤᠯᠠ ᠬᠠᠩᠭᠠᠬᠤ ᠨᠢᠭᠡᠴᠢ ᠨᠦᠭᠦᠳ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠭᠰᠠᠨ ᠭᠡᠷᠡᠴᠢ ᠪᠢᠴᠢᠭ ᠮᠠᠲ᠋ᠧᠷᠢᠶᠠᠯ ᠠᠪᠴᠤ᠂ ᠪᠠᠷᠠᠭ᠎ᠠ ᠪᠣᠯᠣᠨ ᠪᠢᠯᠧᠲ ᠬᠠᠷᠢᠯᠴᠠᠨ ᠨᠡᠶᠢᠴᠡᠬᠦ᠂ ᠲᠦᠭᠦᠬᠡᠢ ᠮᠠᠲ᠋ᠧᠷᠢᠶᠠᠯ ᠤᠨ ᠦᠵᠡᠬᠦ ᠳᠤ ᠠᠰᠠᠭᠤᠳᠠᠯ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠢᠳᠡᠭᠡᠨ ᠡᠳ᠋ᠰᠢᠭᠦᠯᠦᠨ ᠦᠢᠯᠡᠳᠬᠦ ᠶᠠᠪᠤᠴᠠ ᠶᠢᠨ ᠪᠠᠷᠢᠮᠵᠢᠶᠠᠵᠢᠭᠤᠯᠤᠨ ᠡᠵᠡᠮᠳᠡᠬᠦ ᠪᠠ ᠠᠵᠢᠯ ᠡᠷᠬᠢᠯᠡᠭᠰᠡᠳ ᠤᠨ ᠪᠣᠯᠪᠠᠰᠤᠷᠠᠯ ᠢ ᠴᠢᠩᠭᠠᠳᠬᠠᠨ᠂ ᠢᠳᠡᠭᠡᠨ ᠡᠳ᠋ᠰᠢᠭᠦᠯᠦᠨ ᠦᠢᠯᠡᠳᠬᠦ ᠦᠢᠯᠡ ᠠᠵᠢᠯᠯᠠᠭ᠎ᠠ ᠶᠢ ᠪᠦᠲᠦᠮᠵᠢᠲᠡᠶ ᠵᠢᠷᠤᠮᠵᠢᠭᠤᠯᠬᠤ ᠬᠡᠷᠡᠭᠲᠡᠢ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠥᠪᠳᠡᠯᠴᠡᠬᠦ ᠲᠣᠭᠲᠠᠴᠠ ᠪᠠ ᠬᠠᠮᠲᠤᠷᠠᠨ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠶᠢ ᠪᠠᠶᠢᠭᠤᠯᠤᠨ᠂ ᠳᠦᠷᠢᠮ ᠤᠨ ᠪᠠᠶᠢᠭᠤᠯᠤᠯᠲᠠ ᠶᠢᠨ ᠬᠠᠷᠠᠭᠠᠰᠤ ᠪᠠᠨ ᠥᠷᠭᠡᠳᠬᠡᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠠᠵᠢᠯ ᠤᠨ ᠬᠠᠮᠲᠤᠷᠠᠯ ᠬᠦᠴᠦᠨ ᠢ ᠪᠤᠶ ᠪᠤᠯᠭᠠᠬᠤ ᠬᠡᠷᠡᠭᠲᠡᠢ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 30 ᠤ ᠴᠠᠭᠢᠯᠭᠠᠨ ᠮᠡᠳᠡᠭᠡ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号