ᠦᠰᠦᠭ ᠢᠶᠡᠷ ᠦᠭᠦᠯᠡᠬᠦᠢ᠄ 9 ᠰᠠᠷ᠎ᠠ ᠶᠢᠨ 21 ᠤ ᠡᠳᠦᠷ ᠲᠦᠮᠡᠳ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/21
   2024 ᠣᠨ ᠤ 9 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠯᠢ ᠷᠦᠢ ᠾᠧᠩ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 22 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠨᠢᠭᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠬᠤᠰᠢᠭᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠪᠠ ᠭᠤᠤᠯᠳᠠᠯᠭ᠎ᠠ ᠲᠠᠢ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠪᠡ    ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠬᠤᠰᠢᠭᠤᠨ ᠳᠠᠷᠤᠭ᠎ᠠ ᠶᠢᠨ ᠠᠯᠪᠠᠨ ᠬᠤᠷᠠᠯ ᠪᠠ ᠭᠤᠤᠯᠳᠠᠯᠭ᠎ᠠ ᠲᠠᠢ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠬᠤᠷᠠᠯ ᠠᠴᠠ ᠱᠠᠭᠠᠷᠳᠠᠭᠰᠠᠨ ᠨᠢ᠄    ︵ᠨᠢᠭᠡ︶ ᠡᠯ᠎ᠡ ᠳᠡᠳ᠋ ᠬᠤᠰᠢᠭᠤᠨ ᠳᠠᠷᠤᠭ᠎ᠠ ᠰᠢᠶᠠᠩ ᠪᠠᠯᠭᠠᠰᠤᠨ ᠳᠤ ᠭᠦᠨᠵᠡᠭᠡᠶᠢᠷᠡᠨ᠂ ᠲᠤᠬᠠᠶ ᠶᠢᠨ ᠲᠠᠯᠠᠪᠠᠶ ᠳᠤ ᠦᠨᠳᠦᠰᠦᠨ ᠱᠠᠲᠤᠨ ᠤ ᠲᠣᠤᠷᠵᠢᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠲᠣᠰᠬᠤᠨ ᠤ ᠬᠤᠶᠠᠷ ᠵᠥᠪᠯᠡᠯ ᠤᠨ ᠵᠢᠭᠰᠠᠭᠠᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠬᠢᠨᠠᠨ ᠵᠢᠯᠣᠭᠤᠳᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠶᠢᠨ ᠭᠤᠣᠯ ᠤᠳᠤᠷᠢᠳᠤᠯᠭ᠎ᠠ ᠬᠠᠷᠢᠭᠤᠴᠠᠵᠤ᠂ ᠭᠤᠣᠯ ᠮᠥᠷᠡᠨ ᠤ ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠲᠠᠢ ᠤᠶᠠᠯᠳᠤᠭᠤᠯᠤᠨ᠂ ᠦᠨᠳᠦᠰᠦᠨ ᠱᠠᠲᠤᠨ ᠤ ᠲᠣᠣᠷᠵᠢᠯ ᠤᠨ ᠵᠠᠰᠠᠯᠲᠠ ᠶᠢᠨ ᠰᠢᠰᠲ᠋ᠧᠮ ᠢ ᠰᠢᠯᠢᠳᠡᠭᠵᠢᠭᠦᠯᠬᠦ ᠶᠢᠨ ᠬᠠᠮᠲᠤ ᠵᠢᠷᠤᠭᠲᠤ ᠳᠡᠪᠲᠡᠷ ᠢ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠦᠨ᠎ᠡ᠃ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠬᠠᠮᠢᠶᠠᠷᠤᠨ ᠡᠵᠡᠮᠳᠡᠬᠦ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ᠂ ᠠᠮᠢ ᠠᠬᠤᠶ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠵᠡᠷᠭᠡ ᠭᠤᠤᠯᠳᠠᠯᠭ᠎ᠠ ᠲᠠᠢ ᠠᠵᠢᠯ ᠢ ᠲᠣᠥᠷᠵᠢᠭᠤᠯᠤᠨ ᠠᠬᠢᠭᠤᠯᠵᠤ᠂ ᠵᠥᠷᠢᠴᠡᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠲᠣᠭᠲᠠᠴᠠ ᠶᠢ ᠴᠢᠩᠭᠠᠷᠠᠭᠤᠯᠤᠨ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ︵ᠬᠤᠶᠠᠷ︶ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠠᠷᠢᠭᠤᠴᠠᠵᠤ᠂ ᠡᠯ᠎ᠡ ᠰᠢᠶᠠᠩ ᠪᠠᠯᠭᠠᠰᠤ ᠲᠠᠢ ᠵᠣᠯᠭᠠᠭᠤᠯᠵᠤ᠂ ᠲᠠᠷᠢᠮᠠᠯ ᠤᠨ ᠭᠠᠮᠰᠢᠭᠳᠠᠭᠰᠠᠨ ᠪᠠᠶᠢᠳᠠᠯ ᠢ ᠨᠠᠷᠢᠨ ᠵᠢᠭᠰᠠᠭᠠᠨ ᠪᠠᠶᠢᠴᠠᠭᠠᠵᠤ᠂ ᠣᠯᠠᠨ ᠲᠦᠮᠡᠨ ᠢ ᠬᠠᠪᠰᠤᠷᠤᠨ ᠲᠦᠯᠦᠪᠦᠷᠢ ᠶᠢ ᠮᠠᠭᠠᠳᠯᠠᠨ ᠲᠣᠭᠲᠠᠭᠠᠬᠤ ᠠᠵᠢᠯ ᠢ ᠵᠣᠬᠢᠴᠠᠭᠤᠯᠤᠨ᠎ᠠ᠃ ᠤᠰᠤᠨ ᠤ ᠶᠠᠪᠤᠳᠠᠯ ᠤᠨ ᠲᠣᠪᠴᠢᠶ᠎ᠠ ᠲᠦᠷᠦᠭᠦᠯᠡᠨ᠂ ᠡᠯ᠎ᠡ ᠰᠢᠶᠠᠩ ᠪᠠᠯᠭᠠᠰᠤ ᠬᠠᠮᠵᠢᠯᠴᠠᠵᠤ᠂ ᠦᠨᠡᠮᠯᠡᠯ ᠦᠭᠡᠶ ᠥᠪᠡᠰᠦᠪᠡᠨ ᠪᠡᠯᠡᠳᠬᠡᠭᠰᠡᠨ 20 ᠬᠤᠳᠳᠤᠭ ᠢ ᠲᠦᠷᠭᠡᠬᠡᠨ ᠪᠢᠲᠡᠭᠦᠮᠵᠢᠯᠡᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠠᠷᠢᠭᠤᠴᠠᠵᠤ᠂ ᠳᠤᠯᠠᠭᠠᠯᠭ᠎ᠠ ᠶᠢᠨ ᠢᠨᠵᠧᠨᠧᠷᠢᠩ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ᠂ ᠨᠡᠭᠦᠷᠡᠰᠦ ᠶᠢ ᠰᠢᠲᠠᠮᠠᠬᠠᠶ ᠬᠡᠶ ᠪᠣᠯᠭᠠᠨ ᠥᠭᠡᠷᠡᠴᠢᠯᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠵᠢᠯ ᠤᠨ ᠡᠭᠦᠷᠭᠡ ᠪᠠᠨ ᠨᠠᠷᠢᠯᠢᠬᠵᠢᠭᠤᠯᠤᠨ᠂ ᠪᠠᠷᠢᠯᠭ᠎ᠠ ᠶᠢᠨ ᠭᠠᠵᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ 9 ᠰᠠᠷ᠎ᠠ ᠶᠢᠨ 30 ᠤ ᠡᠳᠦᠷ ᠠᠴᠠ ᠡᠮᠦᠨ᠎ᠡ ᠲᠣᠭᠲᠠᠭᠰᠠᠨ ᠬᠤᠭᠤᠴᠠᠭᠠᠨ ᠳᠤ ᠠᠵᠢᠯ ᠢᠶᠠᠨ ᠳᠠᠭᠤᠰᠬᠠᠵᠤ᠂ ᠲᠣᠭᠲᠠᠭᠰᠠᠨ ᠬᠤᠭᠤᠴᠠᠭᠠᠨ ᠳᠤ ᠳᠤᠯᠠᠭᠠᠯᠠᠭ᠎ᠠ ᠬᠠᠩᠭᠠᠬᠤ ᠶᠢ ᠦᠨᠡᠨᠬᠦ ᠪᠠᠲᠤᠯᠠᠨ᠎ᠠ᠃    ᠬᠤᠶᠠᠷ᠂ ︽ᠲᠦᠮᠡᠳ ᠵᠡᠭᠦᠨ ᠬᠤᠰᠢᠭᠤᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠵᠢᠴᠢ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠪᠡ᠃    ᠬᠤᠷᠠᠯ ᠠᠴᠠ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ︽ᠲᠦᠮᠡᠳ ᠵᠡᠭᠦᠨ ᠬᠤᠰᠢᠭᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠵᠢᠴᠢ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠦᠯ︾  ᠤᠨ ᠭᠤᠤᠯ ᠠᠭᠤᠯᠭ᠎ᠠ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃    ᠭᠤᠷᠪᠠ᠂ ︽ᠲᠦᠮᠡᠳ ᠵᠡᠭᠦᠨ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠤᠯᠳᠠᠯᠭ᠎ᠠ ᠲᠠᠢ ᠲᠥᠷᠥᠯ ᠵᠦᠢᠯ ᠤᠨ ᠭᠠᠵᠠᠷ ᠤᠨ ᠲᠠᠰ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠶᠢ ᠠᠬᠢᠭᠤᠯᠬᠤ ᠠᠵᠢᠯ ᠤᠨ ᠲᠥᠰᠦᠯ︾ ᠢ ᠬᠢᠨᠠᠨ ᠵᠥᠪᠯᠡᠪᠡ᠃    ᠬᠤᠷᠠᠯ ᠠᠴᠠ ᠬᠤᠰᠢᠭᠤᠨ ᠤ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ︽ᠲᠦᠮᠡᠳ ᠵᠡᠭᠦᠨ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠤᠯᠳᠠᠯᠭ᠎ᠠ ᠲᠠᠢ ᠲᠥᠷᠥᠯ ᠵᠦᠢᠯ ᠤᠨ ᠭᠠᠵᠠᠷ ᠤᠨ ᠲᠠᠰ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠶᠢ ᠠᠬᠢᠭᠤᠯᠬᠤ ᠠᠵᠢᠯ ᠤᠨ ᠲᠥᠰᠦᠯ︾ ᠤᠨ ᠭᠤᠤᠯ ᠠᠭᠤᠯᠭ᠎ᠠ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号