2024 ᠣᠨ ᠤ 9 ᠰᠠᠷ᠎ᠠ ᠶᠢᠨ 23 ᠤ ᠡᠳᠦᠷ᠂ ᠪᠠᠢ ᠮᠢᠶᠣᠣ ᠽᠢ ᠪᠠᠯᠭᠠᠰᠤ ᠤᠰᠤᠨ ᠤ ᠰᠦᠢᠳᠬᠡᠯ ᠢ | ᠬᠤᠷᠢᠶᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠳᠡᠳ᠋ ᠪᠠᠯᠭᠠᠰᠤᠨ ᠤ ᠳᠠᠷᠤᠭ᠎ᠠ ᠷᠧᠨ ᠭᠤᠸᠠᠨ ᠬᠤᠤ | ᠡᠷᠬᠢᠯᠡᠵᠦ᠂ ᠡᠯ᠎ᠡ ᠲᠣᠰᠬᠤᠨ ᠤ ᠤᠰᠤᠨ ᠤ ᠬᠠᠮᠢᠶᠠᠷᠤᠭᠴᠢ ᠣᠷᠣᠯᠴᠠᠪᠠ᠃ ᠬᠤᠷᠠᠯ ᠳᠡᠭᠡᠷ᠎ᠡ᠂ ᠪᠠᠯᠭᠠᠰᠤᠨ ᠤ ᠳᠡᠳ᠋ | ᠳᠠᠷᠤᠭ᠎ᠠ ᠷᠧᠨ ᠭᠤᠸᠠᠨ ᠬᠤᠤ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ | ᠦᠢᠯᠡᠴᠢᠯᠡᠭᠡᠨ ᠤ ᠲᠥᠪ ᠤᠨ ᠡᠷᠬᠢᠯᠡᠭᠴᠢ ᠯᠢ ᠰᠦᠬᠡ᠂ ᠪᠠᠶ ᠮᠢᠶᠣᠣ ᠽᠢ ᠪᠠᠯᠭᠠᠰᠤᠨ ᠤ ᠤᠰᠤᠨ ᠤ ᠰᠦᠢᠳᠬᠡᠯ ᠢ | ᠬᠤᠷᠢᠶᠠᠬᠤ ᠠᠵᠢᠯ ᠳᠤ ᠪᠠᠶᠢᠷᠢᠯᠠᠭᠤᠯᠤᠯᠲᠠ ᠲᠣᠬᠢᠷᠠᠭᠤᠯᠤᠯᠲᠠ ᠪᠠ ᠤᠬᠠᠭᠤᠯᠭ᠎ᠠ ᠳᠠᠶᠢᠴᠢᠯᠠᠯᠲᠠ ᠬᠢᠵᠦ᠂ ᠤᠰᠤᠨ ᠤ | ᠰᠦᠢᠳᠭᠡᠯ ᠥᠷᠢᠲᠦᠭᠰᠡᠨ ᠵᠣᠭᠤᠰ ᠢ ᠴᠠᠭ ᠲᠤᠬᠠᠶ ᠳᠤᠨᠢ ᠰᠢᠪᠠᠳᠠᠨ ᠲᠤᠰᠢᠶᠠᠯᠭᠠᠬᠤ ᠪᠠᠷ ᠳᠠᠮᠵᠢᠭᠤᠯᠤᠨ᠂ | ᠤᠰᠤᠨ ᠤ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠬᠤ ᠪᠠ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ | ᠬᠡᠪ ᠤᠨ ᠠᠵᠢᠯᠯᠠᠭᠠᠨ ᠢ ᠦᠨᠡᠨ ᠬᠦ ᠪᠠᠲᠤᠯᠠᠪᠠ᠃ | ᠬᠤᠷᠠᠯ ᠠᠴᠠ᠂ ᠲᠠᠨᠢᠯᠲᠠ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠤᠰᠤᠨ ᠤ ᠰᠦᠢᠳᠬᠡᠯ ᠢ | ᠬᠤᠷᠢᠶᠠᠬᠤ ᠨᠢ ᠤᠰᠤ ᠬᠡᠷᠡᠭᠯᠡᠬᠦ ᠠᠵᠢᠯᠯᠠᠭ᠎ᠠ ᠶᠢ ᠪᠦᠲᠦᠮᠵᠢᠲᠡᠶ ᠵᠢᠷᠤᠮᠵᠢᠭᠤᠯᠵᠤ᠂ ᠠᠮᠢᠳᠤᠷᠠᠯ ᠤᠨ ᠬᠡᠷᠡᠭᠯᠡᠬᠦ | ᠤᠰᠤᠨ ᠤ ᠲᠣᠭᠲᠠᠭᠤᠨ ᠬᠠᠩᠭᠠᠯᠭ᠎ᠠ ᠶᠢ ᠪᠠᠲᠤᠯᠠᠬᠤ ᠮᠥᠷᠲᠡᠭᠡᠨ ᠪᠠᠰᠠ ᠤᠰᠤ ᠬᠠᠩᠭᠠᠬᠤ ᠲᠥᠬᠦᠭᠡᠷᠦᠮᠵᠢ ᠶᠢᠨ | ᠬᠡᠪ ᠤᠨ ᠬᠠᠮᠠᠭᠠᠯᠠᠯᠲᠠ ᠶᠢ ᠪᠠᠲᠤᠯᠠᠵᠤ᠂ ᠣᠯᠠᠨ ᠲᠦᠮᠡᠨ ᠤ ᠠᠮᠤᠷ ᠲᠦᠪᠰᠢᠨ ᠢᠶᠠᠷ ᠤᠰᠤ ᠬᠡᠷᠡᠭᠯᠡᠬᠦ ᠶᠢ | ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠲᠣᠰᠬᠤᠨ ᠡᠭᠦᠷᠭᠡ ᠪᠠᠨ ᠲᠣᠳᠣᠷᠬᠠᠶᠢᠯᠠᠵᠤ᠂ | ᠤᠰᠤ ᠬᠡᠷᠡᠭᠯᠡᠬᠦ ᠡᠷᠦᠬᠡ ᠶᠢᠨ ᠪᠠᠶᠢᠳᠠᠯ ᠢ ᠲᠦᠢᠯᠪᠤᠷᠢᠲᠠᠢ ᠣᠶᠢᠯᠠᠭᠠᠵᠤ᠂ ᠤᠰᠤᠨ ᠤ ᠰᠦᠢᠳᠬᠡᠯ ᠢ ᠬᠤᠷᠢᠶᠠᠬᠤ | ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠢ᠃ ᠤᠬᠠᠭᠤᠯᠭ᠎ᠠ ᠪᠠᠨ ᠴᠢᠩᠭᠠᠳᠬᠠᠵᠤ᠂ | ᠤᠯᠠᠨ ᠲᠦᠮᠡᠨ ᠢ ᠢᠳᠡᠪᠬᠢᠲᠠᠢ ᠬᠦᠲᠦᠯᠦᠨ ᠵᠢᠯᠤᠭᠤᠳᠴᠤ ᠪᠠᠶᠢᠭᠠᠳ ᠤᠶᠢᠯᠠᠭᠠᠭᠳᠠᠬᠤᠨ ᠢᠶᠠᠨ ᠬᠤᠪᠢᠷᠠᠭᠤᠯᠵᠤ᠂ | ᠦᠨ᠎ᠡ ᠲᠦᠯᠦᠪᠦᠷᠢ ᠲᠠᠢ ᠪᠠᠷ ᠬᠡᠷᠡᠭᠯᠡᠬᠦ᠂ ᠤᠰᠤᠨ ᠤ ᠡᠬᠢ ᠪᠠᠶᠠᠯᠢᠭ ᠢ ᠠᠷᠪᠢᠯᠠᠨ ᠬᠠᠮᠠᠭᠠᠯᠠᠬᠤ ᠤᠬᠠᠮᠰᠠᠷ ᠢ ᠪᠤᠢ | ᠪᠤᠯᠭᠠᠵᠤ᠂ ᠤᠰᠤᠨ ᠤ ᠡᠬᠢ ᠪᠠᠶᠠᠯᠢᠭ ᠤᠨ ᠪᠠᠶᠢᠳᠠᠯ᠂ ᠤᠰᠤ ᠠᠷᠪᠢᠯᠠᠬᠤ ᠲᠦᠷᠦ ᠶᠢᠨ ᠪᠤᠳᠤᠯᠭ᠎ᠠ ᠪᠠ ᠤᠰᠤ | ᠠᠷᠪᠢᠯᠠᠬᠤ ᠠᠷᠭ᠎ᠠ ᠬᠡᠮᠵᠢᠶ᠎ᠡ ᠶᠢ ᠤᠯᠠᠨ ᠲᠦᠮᠡᠨ ᠳᠤ ᠤᠬᠠᠭᠤᠯᠬᠤ ᠬᠡᠷᠡᠭᠲᠡᠢ᠃ | ᠪᠦᠬᠦ ᠠᠵᠢᠯᠲᠠᠨ ᠤ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠣᠳᠣᠬᠠᠨ ᠳᠤ ᠡᠯ᠎ᠡ ᠲᠣᠰᠬᠤᠨ ᠤ ᠤᠰᠤᠨ ᠤ | ᠰᠦᠢᠳᠬᠡᠯ ᠢ ᠬᠤᠷᠢᠶᠠᠬᠤ ᠠᠵᠢᠯ ᠶᠠᠭ ᠶᠠᠪᠤᠭᠳᠠᠵᠤ ᠪᠠᠶᠢᠨ᠎ᠠ᠂ ᠲᠣᠰᠬᠤᠨ ᠤ ᠠᠷᠠᠳ ᠤᠨ ᠰᠦᠢᠳᠬᠡᠯ ᠲᠤᠰᠢᠶᠠᠬᠤ | ᠢᠳᠡᠪᠬᠢᠵᠢᠯ ᠴᠦ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ᠃ ᠵᠠᠯᠭᠠᠭᠠᠳ᠂ ᠪᠠᠶ ᠮᠢᠶᠣᠣ ᠽᠢ ᠪᠠᠯᠭᠠᠰᠤ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠣᠭᠲᠠᠴᠠ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ | ᠤᠰᠤᠨ ᠤ ᠰᠦᠢᠳᠬᠡᠯ ᠢ ᠬᠤᠷᠢᠶᠠᠬᠤ ᠠᠵᠢᠯ ᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠠᠵᠢᠯ ᠤᠨ ᠡᠭᠦᠷᠭᠡ | ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ |