ᠡᠯ᠎ᠡ ᠵᠠᠰᠠᠭ ᠵᠠᠬᠢᠷᠭᠠᠨ ᠤ ᠲᠣᠰᠬᠤᠨ᠂ ᠪᠠᠯᠭᠠᠰᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠲᠤ᠄ | ᠮᠠᠨ ᠤ ᠪᠠᠯᠭᠠᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠤᠯᠠᠮ ᠨᠢᠭᠡ | ᠠᠯᠬᠤᠮ ᠴᠢᠩᠭᠠᠳᠬᠠᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠵᠤ᠂ ᠲᠠᠷᠢᠶᠠᠯᠠᠩ ᠤᠨ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾ ᠵᠡᠷᠭᠡ | ᠲᠣᠭᠲᠠᠭᠠᠯ ᠪᠣᠯᠤᠨ ᠬᠤᠲᠠ᠂ ᠬᠤᠰᠢᠭᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠮᠠᠨ ᠤ ᠪᠠᠯᠭᠠᠰᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠵᠢᠯ ᠤᠨ ᠲᠥᠰᠦᠯ ᠢ | ᠣᠨᠴᠠᠭᠠᠶᠢᠯᠠᠨ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠱᠠᠩᠳᠠ ᠪᠠᠯᠭᠠᠰᠤᠨ ᠤ 28 ᠵᠠᠰᠠᠭ ᠵᠠᠬᠢᠷᠭᠠᠨ ᠤ ᠲᠣᠰᠬᠤᠨ ᠴᠥᠮ ᠭᠤᠣᠯᠳᠠᠯᠭ᠎ᠠ ᠲᠠᠢ ᠰᠢᠲᠠᠭᠠᠬᠤ ᠶᠢ | ᠴᠠᠭᠠᠵᠠᠯᠠᠬᠤ ᠣᠷᠣᠨ ᠪᠦᠰᠡ ᠳᠤ ᠣᠷᠣᠵᠤ᠂ ᠣᠷᠣᠨ ᠪᠦᠰᠡ ᠶᠢᠨ ᠳᠣᠲᠣᠷ᠎ᠠ ᠲᠠᠷᠢᠮᠠᠯ ᠤᠨ ᠡᠰᠢ ᠰᠦᠷᠡᠯ | ᠰᠢᠲᠠᠭᠠᠬᠤ ᠶᠢ ᠴᠠᠭᠠᠵᠠᠯᠠᠵᠤ᠂ ᠰᠢᠲᠠᠭᠠᠬᠤ ᠶᠢ ᠴᠠᠭᠠᠵᠠᠯᠠᠬᠤ ᠬᠤᠭᠤᠴᠠᠭᠠᠨ ᠳᠤ ᠨᠢᠭᠡ ᠯᠡ ᠭᠠᠯ ᠨᠤᠴᠣᠭᠠᠬᠤ | ᠦᠭᠡᠢ᠂ ᠨᠢᠭᠡ ᠴᠦ ᠤᠲᠤᠭ᠎ᠠ ᠭᠠᠷᠭᠠᠬᠤ ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠪᠡ᠃ | ᠬᠤᠶᠠᠷ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠳᠤᠭᠤᠶᠢᠯᠠᠩ ᠤᠨ ᠳᠠᠷᠤᠭ᠎ᠠ᠄ ᠵᠠᠩ ᠯᠸᠢ ᠨᠠᠮ ᠤᠨ ᠬᠤᠷᠢᠶᠠᠨ ᠤ ᠱᠦᠵᠢ | ᠳᠤᠭᠤᠶᠢᠯᠠᠩ ᠤᠨ ᠳᠡᠳ᠋ ᠳᠠᠷᠤᠭ᠎ᠠ᠄ ᠹᠦ᠋ ᡁᠢ ᠬᠤᠩ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ | ᠳᠠᠷᠤᠭ᠎ᠠ | ᠪᠦᠷᠢᠯᠳᠦᠬᠦᠨ᠄ ᠯᠢ ᠯᠢ ᠵᠢᠶᠦ᠋ᠨ ᠨᠠᠮ ᠤᠨ ᠬᠤᠷᠢᠶᠠᠨ ᠤ ᠳᠡᠳ᠋ ᠱᠦᠵᠢ | ᠶᠦᠨ ᠰᠢᠤᠸᠠᠢ ᠶᠤᠸᠠᠨ ᠨᠠᠮ ᠤᠨ ᠬᠤᠷᠢᠶᠠᠨ ᠤ ᠭᠡᠰᠢᠭᠦᠨ᠂ ᠪᠠᠯᠭᠠᠰᠤᠨ ᠤ ᠳᠡᠳ᠋ ᠳᠠᠷᠤᠭ᠎ᠠ | ᠬᠤᠤ ᠢᠦᠢ ᠹᠸᠢ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ | ᠯᠢ ᠵᠢᠢ ᠹᠠᠩ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ | ᠯᠸᠢ ᠵᠧᠨ ᠬᠤᠸᠠ ᠳᠡᠳ᠋ ᠪᠠᠯᠭᠠᠰᠤᠨ ᠳᠠᠷᠤᠭ᠎ᠠ | ᠵᠢᠶᠠᠩ ᠲᠣᠣ ᠳᠡᠳ᠋ ᠪᠠᠯᠭᠠᠰᠤᠨ ᠳᠠᠷᠤᠭ᠎ᠠ | ᠯᠢ ᠷᠦᠢ ᠭᠠᠩ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠶᠢᠩᠭᠤ ᠶᠢᠨ ᠳᠡᠳ᠋ | ᠡᠷᠬᠢᠯᠡᠭᠴᠢ | ᠶᠦᠨ ᠭᠤᠸᠠᠩ ᠹᠦ᠋ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ | ᠳᠠᠷᠤᠭ᠎ᠠ | ᠵᠣᠣ ᠷᠦ ᠱᠤᠸᠠᠨ ᠱᠠᠩᠳᠠ ᠪᠠᠯᠭᠠᠰᠣᠨ ᠤ ᠲᠣᠮᠢᠯᠠᠭᠰᠠᠨ ᠰᠠᠯᠪᠤᠷᠢ ᠶᠢᠨ ᠳᠠᠷᠤᠭ᠎ᠠ | ᠡᠯ᠎ᠡ ᠵᠠᠰᠠᠭ ᠵᠠᠬᠢᠷᠭᠠᠨ ᠤ ᠲᠣᠰᠬᠤᠨ ᠤ ᠭᠤᠣᠯ ᠬᠠᠷᠢᠭᠤᠴᠠᠯᠭᠠᠲᠠᠨ | ᠭᠤᠷᠪᠠ᠂ ᠠᠵᠢᠯ ᠤᠨ ᠡᠭᠦᠷᠭᠡ | 1. ᠭᠠᠯ ᠢ ᠢᠯᠡᠷᠡᠭᠦᠯᠪᠡᠯ ᠳᠠᠷᠤᠢ ᠲᠦᠷᠭᠡᠨ ᠳᠤᠰᠬᠠᠯ ᠭᠠᠷᠭᠠᠬᠤ ᠬᠡᠷᠡᠭᠲᠡᠢ᠃ ᠬᠤᠰᠢᠭᠤᠨ ᠤ ᠠᠮᠢ ᠠᠬᠤᠶ ᠶᠢᠨ | ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠳ᠋ᠢᠶᠠᠩᠬᠤᠸᠠ᠂ ᠸᠢᠴᠠᠲ ᠵᠡᠷᠭᠡ ᠠᠷᠭ᠎ᠠ ᠮᠠᠶ᠋ᠢᠭ ᠢᠶᠠᠷ ᠮᠡᠳᠡᠭᠦᠯᠦᠭᠰᠡᠨ | ᠭᠠᠯ ᠤᠨ ᠴᠡᠭ ᠤᠨ ᠣᠷᠣᠨ ᠪᠠᠶᠢᠷᠢ ᠨᠢ ᠮᠠᠨ ᠤ ᠪᠠᠯᠭᠠᠰᠤᠨ ᠳᠤ ᠬᠤᠯᠪᠣᠭᠳᠠᠬᠤ ᠦᠶ᠎ᠡ ᠳᠤ᠂ ᠬᠤᠶᠢᠰᠢᠯᠠᠭᠤᠯᠬᠤ | ᠥᠬᠡᠶ᠂ ᠤᠳᠠᠭᠠᠰᠢᠷᠠᠭᠤᠯᠬᠤ ᠥᠬᠡᠶ ᠪᠠᠶᠢᠵᠤ᠂ ᠭᠠᠯ ᠤᠨ ᠴᠡᠭ ᠤᠨ ᠬᠠᠷᠢᠶ᠎ᠠ ᠣᠷᠣᠨ ᠤ ᠵᠠᠰᠠᠭ ᠵᠠᠬᠢᠷᠭᠠᠨ ᠤ | ᠲᠣᠰᠬᠤᠨ ᠤ ᠠᠷᠠᠳ ᠤᠨ ᠵᠥᠪᠯᠡᠯ ᠲᠠᠢ ᠦᠳᠲᠡᠷ ᠲᠦᠷᠭᠡᠨ ᠬᠠᠷᠢᠯᠴᠠᠵᠤ᠂ ᠲᠤᠰᠬᠠᠶ ᠬᠥᠮᠦᠨ ᠲᠣᠬᠢᠷᠠᠭᠤᠯᠤᠨ ᠭᠠᠯ | ᠤᠨᠲᠠᠷᠠᠭᠠᠬᠤ ᠶᠢᠨ ᠬᠠᠮᠲᠤ ᠭᠠᠯ ᠤᠨ ᠰᠢᠯᠲᠠᠭᠠᠨ ᠢ ᠪᠠᠶᠢᠴᠠᠭᠠᠨ ᠲᠣᠳᠤᠯᠠᠨᠠ᠃ | 2. ᠤᠬᠠᠭᠤᠯᠵᠤ ᠬᠥᠲᠥᠯᠥᠨ ᠵᠢᠯᠣᠭᠤᠳᠬᠤ ᠶᠢ ᠴᠢᠬᠤᠯᠠᠴᠢᠯᠠᠨ᠎ᠠ᠃ ᠣᠯᠠᠨ ᠶᠠᠩᠵᠤ ᠬᠡᠯᠪᠡᠷᠢ ᠶᠢᠨ | ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠰᠢᠲᠠᠭᠠᠬᠤ ᠶᠢ ᠴᠠᠭᠠᠵᠠᠯᠠᠬᠤ ᠤᠷᠢᠶ᠎ᠠ ᠯᠣᠽᠦ᠋ᠩ | ᠨᠠᠭᠠᠬᠤ᠂ ᠰᠢᠲᠠᠭᠠᠬᠤ ᠶᠢ ᠴᠠᠭᠠᠵᠠᠯᠠᠬᠤ ᠬᠥᠨᠳᠡᠯᠡᠨ ᠪᠢᠴᠢᠭᠡᠰᠦ ᠡᠯᠭᠦᠬᠦ ᠵᠡᠷᠭᠡ ᠬᠡᠯᠪᠡᠷᠢ ᠶᠢ ᠭᠦᠢᠴᠡᠳ ᠠᠰᠢᠭᠯᠠᠨ᠂ | ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠪᠠ ᠶᠡᠷᠦᠩᠬᠡᠶᠢᠯᠡᠨ ᠠᠰᠢᠭᠯᠠᠬᠤ ᠠᠵᠢᠯ ᠤᠨ ᠭᠦᠨ ᠵᠤᠵᠠᠭᠠᠨ ᠠᠭᠤᠷ | ᠠᠮᠢᠰᠬᠤᠯ ᠢ ᠪᠣᠶ ᠪᠣᠯᠭᠠᠵᠤ᠂ ︽ ᠴᠤᠭ ᠢᠶᠠᠷ ᠠᠳᠬᠤᠨ ᠬᠠᠮᠲᠤ ᠪᠠᠷ ᠬᠠᠮᠢᠶᠠᠷᠴᠤ᠂ ᠪᠥᠬᠦ ᠠᠷᠠᠳ ᠢᠶᠠᠷ ᠢᠶᠠᠨ | ᠣᠷᠣᠯᠴᠠᠬᠤ︾ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ᠃ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠪᠠ | ᠶᠡᠷᠦᠩᠬᠡᠶᠢᠯᠡᠨ ᠠᠰᠢᠭᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠲᠥᠷᠥ ᠶᠢᠨ | ᠪᠣᠳᠣᠯᠭ᠎ᠠ ᠶᠢᠨ ᠲᠣᠭᠲᠠᠭᠠᠯ ᠢ ᠶᠡᠬᠡᠪᠡᠷ ᠤᠬᠠᠭᠤᠯᠵᠤ᠂ ᠡᠰᠢ ᠰᠦᠷᠡᠯ ᠰᠢᠲᠠᠭᠠᠬᠤ ᠦᠵᠡᠭᠳᠡᠯ ᠭᠠᠷᠤᠭᠰᠠᠨ ᠵᠢᠴᠢ | ᠬᠢᠨᠠᠨ ᠬᠠᠮᠢᠶᠠᠷᠴᠤ ᠬᠠᠷᠢᠭᠤᠴᠠᠯᠭ᠎ᠠ ᠪᠠᠨ ᠠᠯᠳᠠᠭᠰᠠᠨ ᠦᠢᠯᠡ ᠠᠵᠢᠯᠯᠠᠭ᠎ᠠ ᠶᠢ ᠢᠯᠡ ᠪᠠᠷ ᠣᠯᠠᠨ ᠳᠤ ᠦᠵᠡᠭᠦᠯᠵᠦ | ᠰᠢᠢᠳᠭᠡᠨ ᠲᠣᠷᠭᠠᠬᠤ ᠬᠡᠷᠡᠭᠲᠡᠶ᠃ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ᠂ ᠪᠠᠭᠰᠢ ᠵᠡᠷᠭᠡ ᠵᠢᠱᠢᠶ᠎ᠡ | ᠦᠵᠡᠭᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠨᠠᠮ ᠤᠨ ᠭᠡᠰᠢᠭᠦᠨ ᠺᠠᠳ᠋ᠷ ᠲᠠᠷᠢᠶᠠᠯᠠᠬᠤ | ᠡᠷᠦᠬᠡ ᠲᠠᠢ ᠬᠠᠷᠢᠯᠴᠠᠬᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠣᠯᠠᠨ ᠲᠦᠮᠡᠨ ᠤ ᠦᠵᠡᠯ ᠰᠠᠨᠠᠭᠠᠨ ᠤ | ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠣᠶᠢᠯᠠᠭᠠᠯᠲᠠ᠂ ᠳᠡᠮᠵᠢᠯᠭᠡ ᠪᠣᠯᠤᠨ ᠬᠠᠮᠵᠢᠯᠴᠠᠭ᠎ᠠ ᠶᠢ ᠴᠢᠷᠮᠠᠶᠢᠨ | ᠣᠯᠵᠤ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠲᠠᠷᠢᠶᠠᠴᠢᠨ ᠲᠦᠮᠡᠨ ᠤ | ᠤᠬᠠᠮᠰᠠᠷᠲᠤ ᠠᠵᠢᠯᠯᠠᠭ᠎ᠠ ᠪᠣᠯᠭᠠᠬᠤ ᠬᠡᠷᠡᠭᠲᠡᠶ᠃ | 3. ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ | ᠬᠠᠤᠯᠢ︾ ᠶᠢᠨ ᠬᠠᠮᠢᠶ᠎ᠠ ᠪᠥᠬᠦᠶ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠭᠠᠯ ᠲᠠᠯᠪᠢᠭᠴᠢ ᠶᠢ ᠡᠷᠢᠵᠦ | ᠤᠯᠬᠤ ᠦᠶ᠎ᠡ ᠳᠤ᠂ ᠮᠠᠨ ᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠢᠳᠬᠠᠨ | ᠬᠤᠷᠢᠭᠯᠠᠬᠤ ᠶᠢ ᠰᠣᠨᠣᠰᠬᠤ ᠥᠬᠡᠶ᠂ ᠬᠠᠮᠢᠶᠠᠷᠤᠯᠲᠠ ᠶᠢ ᠳᠠᠭᠠᠵᠤ ᠡᠰᠢ ᠰᠦᠷᠡᠯ ᠢ ᠰᠢᠲᠠᠭᠠᠬᠤ ᠥᠬᠡᠶ ᠪᠠᠶᠢᠪᠠᠯ᠂ | ᠴᠥᠮ 500 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠭᠠᠯ | ᠲᠠᠯᠪᠢᠭᠴᠢ ᠶᠢ ᠡᠷᠢᠵᠦ ᠣᠯᠤᠭᠰᠠᠨ ᠥᠬᠡᠶ ᠦᠶ᠎ᠡ ᠳᠤ᠂ ᠭᠠᠯ ᠲᠠᠯᠪᠢᠭᠰᠠᠨ ᠭᠠᠵᠠᠷ ᠰᠢᠷᠣᠶ ᠶᠢ ᠬᠠᠭᠠᠯᠪᠤᠷᠢᠯᠠᠬᠤ | ᠲᠠᠷᠢᠶᠠᠴᠢᠨ ᠡᠷᠦᠬᠡ ᠶᠢ ᠰᠢᠢᠳᠭᠡᠨ᠎ᠡ᠃ ᠵᠣᠷᠢᠭᠤᠳᠠ ᠰᠢᠲᠠᠭᠠᠤᠭᠰᠠᠨ᠂ ᠮᠠᠭᠤ ᠰᠠᠨᠠᠭ᠎ᠠ ᠲᠠᠢ ᠪᠠᠷ ᠭᠠᠯ ᠲᠠᠯᠪᠢᠭᠰᠠᠨ᠂ | ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ ᠬᠤᠯᠪᠣᠭᠳᠠᠯ ᠪᠥᠬᠦᠶ ᠬᠠᠤᠯᠢ ᠴᠠᠭᠠᠵᠠ ᠶᠢᠨ ᠲᠣᠭᠲᠠᠭᠠᠯ ᠢ | ᠦᠨᠳᠦᠰᠦᠯᠡᠨ᠂ ᠴᠥᠮ ᠵᠠᠰᠠᠭ ᠵᠠᠬᠢᠷᠭᠠᠨ ᠤ ᠲᠦᠷ ᠬᠤᠷᠢᠯᠲᠠ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ ᠡᠭᠦᠨ ᠤ ᠬᠠᠮᠲᠤ ᠳᠠᠭᠠᠳᠬᠠᠯ ᠢ ᠳᠠᠭᠠᠭᠠᠴᠢᠯᠠᠬᠤ ᠬᠠᠷᠢᠭᠤᠴᠠᠯᠭ᠎ᠠ ᠶᠢᠨ | ᠲᠦᠷᠢᠮ ᠤᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠥᠬᠦᠶ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ | ᠨᠡᠬᠡᠮᠵᠢᠯᠡᠬᠦ ᠬᠡᠷᠡᠭᠲᠡᠶ᠃ ᠢᠯᠠᠩᠭᠤᠶ᠎ᠠ ᠰᠢᠲᠠᠭᠠᠬᠤ ᠶᠢ ᠴᠠᠭᠠᠵᠠᠯᠠᠬᠤ ᠬᠤᠭᠤᠴᠠᠭᠠᠨ ᠳᠤ ︽ᠨᠢᠭᠡᠳᠦᠭᠡᠷ ᠭᠠᠯ︾ | ᠲᠠᠯᠪᠢᠭᠰᠠᠨ ᠪᠠᠶᠢᠪᠠᠯ᠂ ᠪᠠᠯᠭᠠᠰᠤ᠂ ᠲᠣᠰᠬᠤᠨ ᠬᠤᠶᠠᠷ ᠱᠠᠲᠤᠨ ᠤ ᠬᠢᠨ ᠳᠣᠲᠣᠭᠠᠳᠤ ᠶᠢ ᠬᠠᠮᠠᠭᠠᠯᠠᠬᠤ᠂ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠰᠠᠯᠠᠭ᠎ᠠ ᠮᠥᠴᠢᠷ ᠢ ᠵᠣᠬᠢᠴᠠᠭᠤᠯᠤᠨ ᠲᠦᠷᠭᠡᠨ ᠪᠠᠶᠢᠴᠠᠭᠠᠨ ᠭᠡᠷᠡᠴᠢ ᠣᠯᠵᠤ᠂ | ᠴᠢᠩᠭ᠎ᠠ ᠴᠣᠬᠢᠯᠲᠠ ᠥᠭᠴᠦ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠴᠥᠮ ᠲᠦᠷ | ᠬᠤᠷᠢᠬᠤ ᠪᠠ ᠵᠣᠭᠤᠰ ᠢᠶᠠᠷ ᠲᠣᠷᠭᠠᠵᠤ ᠰᠢᠢᠳᠪᠦᠷᠢᠯᠡᠵᠦ᠂ ᠰᠢᠲᠠᠬᠤ ᠶᠢ ᠴᠠᠭᠠᠵᠠᠯᠠᠬᠤ ᠰᠦᠷ ᠬᠦᠴᠦᠲᠦ ᠪᠠᠶᠢᠳᠠᠯ ᠢ | ᠪᠥᠬᠦ ᠬᠦᠴᠦᠨ ᠢᠶᠠᠷ ᠢᠶᠠᠨ ᠪᠤᠢ ᠪᠣᠯᠭᠠᠨ᠎ᠠ᠃ | ᠳᠥᠷᠪᠡ᠂ ᠠᠵᠢᠯ ᠤᠨ ᠲᠣᠭᠲᠠᠴᠠ | 1. ᠬᠠᠤᠯᠢ ᠶᠣᠰᠣᠭᠠᠷ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾ | ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠶᠢᠨ ᠲᠦᠷᠢᠮ ᠢ ᠦᠨᠳᠦᠰᠦᠯᠡᠨ᠂ ᠲᠦᠮᠡᠳ ᠵᠡᠭᠦᠨ ᠬᠤᠰᠢᠭᠤᠨ ᠤ ︽ᠡᠰᠢ | ᠰᠦᠷᠡᠯ ᠰᠢᠲᠠᠭᠠᠬᠤ ᠶᠢ ᠴᠠᠭᠠᠵᠠᠯᠠᠬᠤ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ | ᠬᠠᠭᠤᠳᠠᠰᠤ ᠶᠢ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠰᠢᠢᠳᠪᠦᠷᠢᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠠᠵᠢᠯ ᠢ ᠰᠠᠶᠢᠲᠤᠷ ᠬᠢᠨ᠎ᠠ᠃ | 2. ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ ᠡᠰᠢ ᠰᠦᠷᠡᠯ | ᠰᠢᠲᠠᠭᠠᠬᠤ ᠶᠢ ᠴᠠᠭᠠᠵᠠᠯᠠᠬᠤ ᠲᠦᠷᠭᠡᠨ ᠲᠤᠰᠬᠠᠬᠤ ᠲᠣᠭᠲᠠᠴᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ | ᠡᠰᠢ ᠰᠦᠷᠡᠯ ᠢ ᠰᠢᠲᠠᠭᠠᠬᠤ ᠪᠠᠴᠢᠮ ᠪᠠᠶᠢᠳᠠᠯ ᠢ ᠠᠷᠭᠠᠴᠠᠬᠤ ᠰᠡᠷᠡᠮᠵᠢᠯᠡᠭᠦᠯᠦᠯ ᠢ ᠴᠠᠭ ᠲᠤᠬᠠᠶ ᠳᠤᠨᠢ ᠨᠡᠶᠢᠲᠡᠯᠡᠨ᠎ᠡ᠃ | ᠲᠣᠬᠢᠷᠠᠭᠤᠯᠤᠨ ᠬᠠᠮᠢᠶᠠᠷᠬᠤ ᠬᠦᠴᠦᠨ ᠪᠣᠯᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠲᠣᠬᠢᠷᠠᠭᠤᠯᠵᠤ᠂ | ᠭᠤᠤᠯᠳᠠᠯᠭ᠎ᠠ ᠲᠠᠢ ᠭᠠᠵᠠᠷ ᠣᠷᠣᠨ ᠢ ᠬᠢᠨᠠᠨ ᠡᠵᠡᠮᠳᠡᠬᠦ ᠶᠢ ᠴᠢᠩᠭᠠᠳᠬᠠᠨ᠎ᠠ᠃ ᠭᠠᠯ ᠲᠦᠢᠮᠡᠷ ᠭᠠᠷᠤᠮᠠᠭᠴᠠ ᠲᠦᠷᠭᠡᠨ | ᠰᠢᠢᠳᠪᠦᠷᠢᠯᠡᠵᠦ᠂ ᠴᠠᠭ ᠲᠤᠬᠠᠶ ᠳᠤᠨᠢ ᠰᠢᠢᠳᠪᠦᠷᠢᠯᠡᠵᠦ᠂ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ |