ᠲᠣᠣᠷᠠᠢ ᠶᠢᠨ ᠣᠶ ᠰᠣᠨᠢᠷᠬᠠᠬᠤ ᠰᠠᠶᠢᠬᠠᠨ ᠴᠠᠭ ᠣᠶᠢᠷᠠᠲᠤᠯ᠎ᠠ
ᠨᠡᠶᠢᠲᠡᠯᠡᠭᠰᠡᠨ ᠴᠠᠭ᠄
2024/9/25
    ᠰᠤᠷᠪᠤᠯᠵᠢᠯᠠᠬᠴᠢ ᠥᠪᠥᠷ ᠮᠣᠩᠭᠤᠯ ᠤᠨ ᠠᠯᠠᠱᠠ ᠠᠶᠢᠮᠠᠭ ᠤᠨ ᠴᠠᠭ ᠠᠭᠤᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠲᠣᠣᠷᠠᠢ ᠶᠢᠨ ᠣᠶ ᠵᠢᠱᠢᠯᠲᠡ ᠪᠠᠷ 10 ᠰᠠᠷ᠎ᠠ ᠶᠢᠨ 13 ᠤ ᠡᠳᠦᠷ ᠤᠨ ᠣᠷᠴᠢᠮ ᠢᠶᠠᠷ ᠬᠠᠮᠤᠭ ᠰᠠᠶᠢᠨ ᠰᠣᠨᠢᠷᠬᠠᠬᠤ ᠬᠤᠭᠤᠴᠠᠭᠠᠨ ᠳᠤ ᠣᠷᠣᠵᠤ᠂ 10 ᠰᠠᠷ᠎ᠠ ᠶᠢᠨ 20 ᠤ ᠡᠳᠦᠷ ᠤᠨ ᠣᠷᠴᠢᠮ ᠪᠤᠯᠲᠠᠯ᠎ᠠ ᠦᠷᠭᠦᠯᠵᠢᠯᠡᠨ᠎ᠡ᠃    ᠠᠯᠠᠱᠠ ᠠᠶᠢᠮᠠᠭ ᠤᠨ ᠴᠠᠭ ᠠᠭᠤᠷ ᠤᠨ ᠲᠣᠪᠴᠢᠶ᠎ᠠ ᠶᠢᠨ 9 ᠰᠠᠷ᠎ᠠ ᠶᠢᠨ ᠰᠡᠭᠦᠯᠴᠢ ᠠᠴᠠ 10 ᠰᠠᠷ᠎ᠠ ᠬᠦᠷᠲᠡᠯᠡᠬᠢ ᠠᠭᠤᠷ ᠠᠮᠢᠰᠬᠤᠯ ᠤᠨ ᠬᠠᠨᠳᠤᠰᠢ ᠶᠢᠨ ᠵᠢᠱᠢᠯᠲᠡ ᠵᠢᠴᠢ ᠲᠣᠣᠷᠠᠢ ᠶᠢᠨ ᠣᠶ ᠶᠢᠨ ᠨᠠᠪᠴᠢᠨ ᠤ ᠥᠩᠭᠡ ᠶᠢᠨ ᠬᠤᠪᠢᠷᠠᠯᠲᠠ ᠳᠤ ᠦᠵᠡᠭᠦᠯᠭᠦ ᠬᠦᠢᠲᠡᠨ ᠠᠭᠠᠷ ᠤᠨ ᠨᠥᠯᠥᠭᠡ ᠶᠢᠨ ᠵᠠᠳᠠᠯᠤᠯᠲᠠ ᠶᠢ ᠦᠨᠳᠦᠰᠦᠯᠡᠪᠡᠯ᠂ ᠵᠢᠱᠢᠯᠲᠡ ᠪᠠᠷ 2024 ᠣᠨ ᠤ ᠡᠵᠡᠨ᠎ᠡ ᠶᠢᠨ ᠲᠣᠣᠷᠠᠢ ᠶᠢᠨ ᠣᠶ ᠶᠢᠨ ᠨᠠᠪᠴᠢ ᠰᠢᠷᠠᠯᠠᠬᠤ ᠴᠠᠭ ᠨᠢ ᠥᠩᠭᠡᠷᠡᠭᠰᠡᠨ ᠵᠢᠯ ᠠᠴᠠ ᠡᠷᠲᠡᠯᠡᠵᠦ᠂ ᠰᠣᠨᠢᠷᠬᠠᠬᠤ ᠬᠤᠭᠤᠴᠠᠭ᠎ᠠ ᠨᠢ ᠥᠩᠭᠡᠷᠡᠭᠰᠡᠨ ᠵᠢᠯ ᠤᠨ ᠳᠤᠮᠳᠠᠴᠢ ᠴᠠᠭ ᠠᠴᠠ ᠨᠢᠭᠡ ᠭᠠᠷᠠᠭ ᠤᠷᠢᠳᠴᠢᠯᠠᠵᠤ᠂ ᠰᠣᠨᠢᠷᠬᠠᠬᠤ ᠡᠳᠦᠷ ᠤᠨ ᠲᠤᠭ᠎ᠠ ᠨᠢ ᠥᠩᠭᠡᠷᠡᠭᠰᠡᠨ ᠵᠢᠯ ᠤᠨ ᠳᠤᠮᠳᠠᠴᠢ ᠡᠳᠦᠷ ᠤᠨ ᠲᠤᠭ᠎ᠠ ᠲᠠᠢ ᠦᠨᠳᠦᠰᠦᠨ ᠳᠡᠭᠡᠨ ᠠᠳᠠᠯᠢ ᠪᠣᠯᠣᠨ᠎ᠠ᠃ ᠣᠳᠣᠬᠠᠨ ᠳᠤ᠂ ᠡᠵᠡᠨ᠎ᠡ ᠬᠤᠰᠢᠭᠤᠨ ᠤ ᠲᠣᠣᠷᠠᠢ ᠶᠢᠨ ᠣᠶ ᠶᠢᠨ ᠦᠵᠡᠮᠵᠢ ᠶᠢᠨ ᠣᠷᠣᠨ ᠤ ᠨᠣᠭᠤᠭᠠᠨ ᠨᠠᠪᠴᠢ ᠨᠢ 70% - 80% ᠶᠢ ᠡᠵᠡᠯᠡᠵᠦ᠂ ᠵᠢᠱᠢᠯᠲᠡ ᠪᠠᠷ 10 ᠰᠠᠷ᠎ᠠ ᠶᠢᠨ 1 ᠤ ᠡᠳᠦᠷ ᠤᠨ ᠣᠷᠴᠢᠮ ᠨᠡᠯᠢᠶᠡᠳ ᠰᠠᠶᠢᠨ ᠰᠣᠨᠢᠷᠬᠠᠬᠤ ᠬᠤᠭᠤᠴᠠᠭᠠᠨ ᠳᠤ ᠣᠷᠣᠵᠤ᠂ 10 ᠰᠠᠷ᠎ᠠ ᠶᠢᠨ 13 ᠤ ᠡᠳᠦᠷ ᠤᠨ ᠣᠷᠴᠢᠮ ᠬᠠᠮᠤᠭ ᠤᠨ ᠰᠠᠶᠢᠨ ᠰᠣᠨᠢᠷᠬᠠᠬᠤ ᠬᠤᠭᠤᠴᠠᠭᠠᠨ ᠳᠤ ᠣᠷᠣᠨ᠎ᠠ᠂ ᠰᠣᠨᠢᠷᠬᠠᠬᠤ ᠬᠤᠭᠤᠴᠠᠭ᠎ᠠ ᠳᠠᠭᠤᠰᠬᠤ ᠴᠠᠭ ᠨᠢ 10 ᠰᠠᠷ᠎ᠠ ᠶᠢᠨ 20 ᠤ ᠡᠳᠦᠷ ᠤᠨ ᠣᠷᠴᠢᠮ ᠪᠠᠶᠢᠵᠤ᠂ ᠰᠣᠨᠢᠷᠬᠠᠬᠤ ᠬᠤᠭᠤᠴᠠᠭ᠎ᠠ ᠨᠢ 25 ᠡᠳᠦᠷ ᠣᠷᠴᠢᠮ ᠦᠷᠭᠦᠯᠵᠢᠯᠡᠵᠦ᠂ ᠬᠠᠮᠤᠭ ᠰᠠᠶᠢᠨ ᠰᠣᠨᠢᠷᠬᠠᠬᠤ ᠬᠤᠭᠤᠴᠠᠭ᠎ᠠ ᠨᠢ 13 ᠡᠳᠦᠷ ᠣᠷᠴᠢᠮ ᠪᠣᠯᠣᠨ᠎ᠠ᠃    ᠲᠣᠣᠷᠠᠢ ᠶᠢᠨ ᠣᠢ ᠶᠢᠨ ᠦᠵᠡᠮᠵᠢ ᠶᠢ ᠨᠡᠯᠢᠶᠡᠳ ᠰᠠᠶᠢᠨ ᠰᠣᠨᠢᠷᠬᠠᠬᠤ ᠬᠤᠭᠤᠴᠠᠭ᠎ᠠ ᠪᠠ ᠬᠠᠮᠤᠭ ᠰᠠᠶᠢᠨ ᠰᠣᠨᠢᠷᠬᠠᠬᠤ ᠬᠤᠭᠤᠴᠠᠭ᠎ᠠ ᠭᠡᠵᠦ ᠬᠤᠪᠢᠶᠠᠨ᠎ᠠ᠃ ᠰᠢᠷ᠎ᠠ ᠥᠩᠭᠡᠲᠡᠢ ᠨᠠᠪᠴᠢ ᠶᠢᠨ ᠬᠠᠷᠢᠴᠠᠯ ᠨᠢ 50% ᠠᠴᠠ ᠳᠡᠭᠡᠭᠰᠢ ᠪᠣᠯᠪᠠᠯ᠂ ᠨᠡᠯᠢᠶᠡᠳ ᠰᠠᠶᠢᠨ ᠰᠣᠨᠢᠷᠬᠠᠬᠤ ᠬᠤᠭᠤᠴᠠᠭᠠᠨ ᠳᠤ ᠣᠷᠣᠨ᠎ᠠ︔ ᠰᠢᠷ᠎ᠠ ᠥᠩᠭᠡᠲᠡᠢ ᠨᠠᠪᠴᠢᠨ ᠤ ᠬᠠᠷᠢᠴᠠᠯ ᠨᠢ 80% ᠠᠴᠠ ᠳᠡᠭᠡᠭᠰᠢ ᠪᠣᠯᠪᠠᠯ᠂ ᠬᠠᠮᠤᠭ ᠰᠠᠶᠢᠨ ᠰᠣᠨᠢᠷᠬᠠᠬᠤ ᠬᠤᠭᠤᠴᠠᠭᠠᠨ ᠳᠤ ᠣᠷᠣᠨ᠎ᠠ︔ ᠨᠠᠪᠴᠢ ᠵᠤᠯᠭᠠᠷᠠᠬᠤ ᠬᠠᠷᠢᠴᠠᠯ ᠨᠢ 80% ᠠᠴᠠ ᠳᠡᠭᠡᠭᠰᠢ ᠪᠣᠯᠪᠠᠯ ᠰᠣᠨᠢᠷᠬᠠᠬᠤ ᠬᠤᠭᠤᠴᠠᠭ᠎ᠠ ᠳᠠᠭᠤᠰᠤᠨ᠎ᠠ᠃ ᠠᠯᠠᠱᠠ ᠶᠢᠨ ᠲᠣᠣᠷᠠᠢ ᠶᠢᠨ ᠣᠢ ᠶᠢᠨ ᠠᠶᠠᠯᠠᠯ ᠵᠢᠭᠤᠯᠴᠢᠯᠠᠯ ᠤᠨ ᠪᠦᠰᠡ ᠨᠢ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠨᠤᠲᠤᠭ ᠲᠤ ᠣᠷᠣᠰᠢᠵᠤ᠂ ᠣᠳᠣ 44 ᠲᠦᠮᠡᠨ ᠮᠦ ᠪᠠᠶᠢᠭᠠᠯᠢᠯᠢᠭ ᠲᠣᠣᠷᠠᠢ ᠶᠢᠨ ᠣᠢ ᠲᠠᠢ ᠪᠥᠭᠡᠳ ᠳᠡᠯᠡᠬᠡᠢ ᠳᠤ ᠭᠤᠷᠪᠠᠭ᠋ᠠᠨ ᠦᠯᠡᠳᠡᠭᠳᠡᠵᠦ ᠪᠠᠶᠢᠭ᠎ᠠ ᠲᠣᠣᠷᠠᠢ ᠶᠢᠨ ᠣᠢ ᠶᠢᠨ ᠨᠢᠭᠡ ᠪᠣᠯᠣᠨ᠎ᠠ᠃ ᠲᠣᠣᠷᠠᠢ ᠨᠢ ︽ᠠᠮᠢᠳᠤ ᠮᠣᠳᠣᠨ ᠴᠢᠯᠠᠭᠤᠵᠢᠮᠠᠯ︾ ᠬᠡᠮᠡᠭᠳᠡᠵᠦ᠂ ᠠᠯᠲᠠᠨ ᠨᠠᠮᠤᠷ ᠪᠤᠯᠬᠤ ᠪᠦᠷᠢ ᠲᠣᠣᠷᠠᠢ ᠶᠢᠨ ᠣᠶ ᠨᠢ ᠮᠠᠰᠢ ᠣᠯᠠᠨ ᠳᠤᠮᠳᠠᠳᠤ ᠭᠠᠳᠠᠭᠠᠳᠤ ᠶᠢᠨ ᠵᠢᠭᠤᠯᠴᠢᠯᠠᠬᠰᠠᠳ ᠢ ᠲᠠᠲᠠᠳᠠᠭ᠃
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号