2024 ᠣᠨ ᠤ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠲᠥᠷᠥᠯ ᠵᠦᠢᠯ ᠤᠨ ᠠᠵᠢᠯ ᠢ ᠴᠠᠭ ᠲᠤᠬᠠᠶ ᠳᠤᠨᠢ | ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ 9 ᠰᠠᠷ᠎ᠠ ᠶᠢᠨ 25 ᠤ ᠡᠳᠦᠷ᠂ ᠲᠠᠶᠢᠭ᠎ᠠ ᠮᠣᠳᠤ | ᠪᠠᠯᠭᠠᠰᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ᠂ ᠨᠡᠭᠦᠷᠡᠰᠦ ᠶᠢ ᠰᠢᠲᠠᠮᠠᠬᠠᠶ ᠬᠡᠶ ᠪᠣᠯᠭᠠᠨ | ᠥᠭᠡᠷᠡᠴᠢᠯᠡᠬᠦ︾ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠢ ᠪᠠᠯᠭᠠᠰᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠵᠧᠦ ᠨᠠᠨ ᠡᠷᠬᠢᠯᠡᠵᠦ᠂ ᠲᠦᠷᠦᠯ ᠵᠦᠢᠯ ᠤᠨ | ᠥᠭᠡᠷᠡᠴᠢᠯᠡᠯᠲᠡ ᠳᠤ ᠬᠤᠯᠪᠣᠭᠳᠠᠭᠰᠠᠨ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠱᠦᠵᠢ ᠬᠤᠷᠠᠯ ᠳᠤ | ᠣᠷᠣᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ︽ | ᠨᠡᠭᠦᠷᠡᠰᠦ ᠶᠢ ᠬᠡᠢ ᠪᠣᠯᠭᠠᠨ ᠥᠭᠡᠷᠡᠴᠢᠯᠡᠬᠦ︾ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠤᠳᠠᠯ ᠦᠭᠡᠢ | ᠰᠡᠭᠦᠯ ᠬᠤᠷᠢᠶᠠᠬᠤ ᠠᠵᠢᠯ ᠳᠤ ᠣᠷᠣᠬᠤ ᠭᠡᠵᠦ ᠪᠠᠶᠢᠨ᠎ᠠ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠪᠠᠷᠢᠯᠭ᠎ᠠ ᠶᠢᠨ | ᠨᠢᠭᠡᠴᠡ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ | ᠲᠦᠷᠦᠯ ᠵᠦᠢᠯ ᠤᠨ ᠪᠠᠷᠢᠯᠭ᠎ᠠ ᠵᠢᠴᠢ ᠤᠯᠠᠨ ᠲᠦᠮᠡᠨ ᠤ ᠲᠥᠬᠦᠭᠡᠷᠦᠮᠵᠢ ᠶᠢ ᠬᠡᠷᠡᠭᠯᠡᠬᠦ ᠶᠠᠪᠤᠴᠠ ᠳᠤ ᠲᠤᠯᠭᠠᠷᠠᠭᠰᠠᠨ | ᠠᠰᠠᠭᠤᠳᠠᠯ ᠪᠣᠯᠤᠨ ᠬᠦᠴᠢᠷᠳᠡᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ 9 ᠰᠠᠷ᠎ᠠ ᠶᠢᠨ 30 ᠤ | ᠡᠳᠦᠷ ᠠᠴᠠ ᠡᠮᠦᠨ᠎ᠡ ᠡᠯ᠎ᠡ ᠵᠦᠢᠯ ᠤᠨ ᠠᠵᠢᠯ ᠢ ᠴᠠᠭ ᠲᠤᠬᠠᠢ ᠳᠤᠨᠢ ᠴᠢᠨᠠᠷ ᠴᠢᠨᠰᠠᠭ᠎ᠠ ᠶᠢ ᠪᠠᠲᠤᠯᠠᠨ ᠪᠡᠶᠡᠯᠡᠭᠦᠯᠬᠦ ᠶᠢ | ᠪᠠᠲᠤᠯᠠᠬᠤ ᠬᠡᠷᠡᠭᠲᠡᠢ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠨᠢᠭᠡ ᠳᠤ᠂ ᠬᠠᠷᠢᠭᠤᠴᠠᠯᠭ᠎ᠠ ᠶᠢ | ᠴᠢᠩᠭ᠎ᠠ ᠪᠣᠳᠠᠲᠠᠶᠢᠵᠢᠭᠤᠯᠵᠤ᠂ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶᠂ ᠲᠣᠣᠷᠵᠢᠯᠠᠭᠰᠠᠨ ᠬᠠᠮᠢᠶᠠᠷᠤᠯᠲᠠ | ᠭᠤᠷᠪᠠᠨ ᠱᠠᠲᠤᠨ ᠤ ᠬᠠᠷᠢᠭᠤᠴᠠᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠪᠣᠶ ᠪᠣᠯᠭᠠᠵᠤ᠂ | ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠢ | ᠴᠢᠨᠠᠷ ᠰᠠᠶᠢᠲᠠᠶ ᠪᠡᠶᠡᠯᠡᠭᠦᠯᠬᠦ ᠶᠢ ᠬᠠᠮᠲᠤᠪᠠᠷ ᠠᠬᠢᠭᠤᠯᠤᠨ᠎ᠠ᠃ ᠬᠤᠶᠠᠷ ᠲᠤ᠂ ᠳᠠᠯᠳᠠ ᠭᠡᠮ ᠤᠨ ᠠᠰᠠᠭᠤᠳᠠᠯ ᠢ | ᠪᠠᠶᠢᠴᠠᠭᠠᠨ ᠵᠢᠭᠰᠠᠭᠠᠵᠤ᠂ 2022 ᠣᠨ ᠠᠴᠠ ᠨᠠᠰᠢᠬᠢ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠶᠠᠪᠤᠴᠠ ᠳᠤ | ᠣᠷᠣᠰᠢᠵᠤ ᠪᠠᠶᠢᠭ᠎ᠠ ᠠᠵᠢᠯ ᠢ ᠬᠢᠵᠦ ᠳᠠᠭᠤᠰᠬᠠᠭᠰᠠᠨ ᠦᠭᠡᠶ ᠪᠠ ᠦᠯᠡᠳᠡᠭᠳᠡᠯ ᠠᠰᠠᠭᠤᠳᠠᠯ ᠢ ᠪᠦᠬᠦ ᠲᠠᠯ᠎ᠠ ᠪᠠᠷ | ᠪᠠᠶᠢᠴᠠᠭᠠᠨ ᠵᠢᠭᠰᠠᠭᠠᠵᠤ᠂ ᠰᠠᠭᠤᠭᠠᠯᠢ ᠠᠷᠠᠳ ᠤᠨ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠪᠠᠲᠤᠯᠠᠭ᠎ᠠ ᠶᠢᠨ | ᠠᠵᠢᠯ ᠢ ᠦᠨᠡᠨᠬᠦ ᠰᠠᠶᠢᠲᠤᠷ ᠬᠢᠨ᠎ᠡ᠃ ᠭᠤᠷᠪᠠ ᠳᠤ᠂ ︽ᠰᠢᠲᠠᠭᠠᠬᠤ ᠶᠢ ᠴᠠᠭᠠᠵᠠᠯᠠᠬᠤ︾ ᠤᠬᠠᠭᠤᠯᠭ᠎ᠠ ᠶᠢ | ᠴᠢᠩᠭᠠᠳᠬᠠᠵᠤ᠂ ᠡᠯ᠎ᠡ ᠲᠥᠷᠥᠯ ᠤᠨ ᠵᠠᠭᠤᠴᠢᠯᠠᠭᠤᠷ ᠢ ᠭᠦᠢᠴᠡᠳ ᠠᠰᠢᠭᠯᠠᠨ᠂ ᠣᠯᠠᠨ ᠲᠦᠮᠡᠨ ᠳᠤ ︽ᠲᠠᠷᠠᠬᠠᠶ | ᠨᠡᠭᠦᠷᠡᠰᠦ︾ ︽ᠬᠠᠷ᠎ᠠ ᠨᠡᠭᠦᠷᠡᠰᠦᠲᠥ᠋ᠷᠥᠭᠴᠢ︾ ᠶᠢᠨ ᠰᠢᠲᠠᠬᠤ ᠶᠢᠨ ᠬᠤᠤᠷ ᠬᠥᠨᠥᠭᠡᠯᠲᠦ ᠴᠢᠨᠠᠷ ᠢ ᠥᠷᠭᠡᠨ ᠢᠶᠠᠷ | ᠤᠬᠠᠭᠤᠯᠵᠤ᠂ ᠣᠯᠠᠨ ᠲᠦᠮᠡᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠴᠢᠬᠤᠯᠠ ᠴᠢᠨᠠᠷ ᠢ ᠭᠦᠨᠵᠡᠭᠡᠶ ᠲᠠᠨᠢᠭᠤᠯᠵᠤ᠂ ᠪᠣᠬᠢᠷᠲᠤᠯ ᠦᠭᠡᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠦᠵᠡᠯ ᠤᠬᠠᠮᠰᠠᠷ ᠢ ᠪᠣᠶ ᠪᠣᠯᠭᠠᠬᠤ ᠬᠡᠷᠡᠭᠲᠡᠶ᠃ |