ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠬᠦᠯᠢᠶᠡᠨ ᠠᠪᠬᠤ ᠲᠤᠬᠠᠶ ᠴᠠᠭᠠᠰᠤᠴᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/9/26
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠳᠤ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠢᠯᠣᠭᠤᠳᠬᠤ ᠭᠠᠷᠴᠠᠭ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾᠂ ᠬᠥᠬᠡᠬᠤᠲᠠ ᠶᠢᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠳᠤ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠢᠯᠣᠭᠤᠳᠬᠤ ᠭᠠᠷᠴᠠᠭ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠵᠢᠴᠢ ᠬᠤᠰᠢᠭᠤᠨ ᠤ ᠵᠠᠰᠠᠭ ᠤᠨ ᠣᠷᠳᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠦᠢᠯᠡᠰ ᠢ ᠵᠣᠯᠭᠠᠭᠤᠯᠬᠤ ᠲᠤᠬᠠᠶ ᠮᠡᠳᠡᠭᠳᠡᠯ︾ ᠵᠢᠴᠢ ᠬᠤᠰᠢᠭᠤᠨ ᠤ ᠵᠠᠰᠠᠭ   ᠤᠷᠳᠤᠨ ᠤ ︽ᠲᠦᠮᠡᠳ ᠵᠡᠭᠦᠨ ᠬᠤᠰᠢᠭᠤᠨ ᠤ ᠡᠯ᠎ᠡ ᠰᠢᠶᠠᠩ ᠪᠠᠯᠭᠠᠰᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠦᠢᠯᠡᠰ ᠢ ᠭᠥᠯᠢᠶᠡᠨ ᠠᠪᠬᠤ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠪᠠᠯᠭᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠲᠣ 55 ᠵᠦᠢᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠵᠠᠯᠭᠠᠨ ᠠᠪᠴᠤ᠂ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠠᠮᠢᠶ᠎ᠠ ᠪᠥᠬᠦᠶ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃    ᠳᠠᠭᠠᠯᠳᠤᠭᠤᠯᠤᠯ᠄ ᠴᠠᠭᠠᠰᠤᠴᠢ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠦᠢᠯᠡᠰ ᠤᠨ ᠨᠠᠷᠢᠨ ᠬᠠᠭᠤᠳᠠᠰᠤ ︵55 ᠵᠦᠢᠯ︶

 

 
ᠢᠷᠡᠯᠲᠡ᠄ ᠲᠦᠮᠡᠳ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号