ᠰᠢᠲᠠᠮᠠᠬᠠᠶ ᠬᠡᠶ ᠪᠣᠯ ᠨᠢᠭᠡ ᠵᠦᠢᠯ ᠤᠨ ᠪᠠᠶᠢᠩᠭᠤ ᠲᠣᠬᠢᠶᠠᠯᠳᠤᠳᠠᠭ ᠡᠨᠧᠷᠭᠢ ᠮᠥᠨ᠂ ᠬᠡᠷ ᠪᠦᠯᠢ ᠵᠢᠴᠢ ᠣᠯᠠᠨ | ᠨᠡᠶᠢᠲᠡ ᠶᠢᠨ ᠲᠠᠯᠠᠪᠤᠷ ᠲᠤ ᠥᠷᠭᠡᠨ ᠢᠶᠠᠷ ᠬᠡᠷᠡᠭᠯᠡᠨ᠎ᠡ᠃ ᠨᠠᠢᠮᠠᠨ ᠰᠠᠷ᠎ᠠ ᠶᠢᠨ ᠲᠡᠷᠭᠡᠯ ᠪᠠᠶᠠᠷ ᠠᠴᠠ ᠡᠮᠦᠨ᠎ᠡ | ᠰᠢᠲᠠᠮᠠᠬᠠᠶ ᠬᠡᠶ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠣᠯᠠᠨ ᠲᠦᠮᠡᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠮᠠᠨ ᠤ ᠲᠥᠪ ᠰᠢᠲᠠᠮᠠᠬᠠᠶ ᠬᠡᠶ ᠶᠢᠨ ᠠᠮᠤᠷ | ᠲᠦᠪᠰᠢᠨ ᠤ ᠪᠠᠶᠢᠴᠠᠭᠠᠯᠲᠠ ᠶᠢ ᠣᠨᠴᠠᠭᠠᠶᠢᠯᠠᠨ ᠬᠢᠪᠠ᠃ 2024 ᠣᠨ ᠤ 9 ᠰᠠᠷ᠎ᠠ ᠶᠢᠨ 2 ᠤᠨ ᠡᠳᠦᠷ᠂ | ᠲᠦᠮᠡᠳ ᠵᠡᠭᠦᠨ ᠬᠤᠰᠢᠭᠤᠨ ᠤ ᠾᠦᠢ ᠶᠢᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠠᠴᠠ ᠳᠡᠭᠡᠳᠦ | ᠬᠦᠷᠢᠶᠡᠯᠡᠩ ᠤᠨ ᠵᠢᠱᠢᠶ᠎ᠡ ᠦᠵᠡᠭᠦᠯᠬᠦ ᠨᠢᠭᠡᠳᠦᠭᠡᠷ ᠵᠡᠭᠡᠯᠢ ᠳᠤ ᠰᠢᠲᠠᠮᠠᠬᠠᠶ ᠬᠡᠶ ᠶᠢᠨ ᠠᠮᠤᠷ ᠲᠦᠪᠰᠢᠨ ᠤ | ᠪᠠᠶᠢᠴᠠᠭᠠᠯᠲᠠ ᠬᠢᠵᠦ᠂ ᠭᠤᠤᠯ ᠪᠣᠯᠬᠤ ᠪᠠᠶᠢᠴᠠᠭᠠᠬᠤ ᠠᠭᠤᠯᠭ᠎ᠠ ᠳᠤ᠄ ᠭᠠᠯ ᠤᠨᠲᠠᠷᠠᠭᠠᠭᠤᠷ ᠤᠨ ᠣᠨ ᠤ | ᠪᠠᠶᠢᠴᠠᠭᠠᠯᠲᠠ᠂ ᠬᠤᠪᠢ ᠶᠢᠨ ᠨᠡᠭᠡᠯᠡᠬᠡᠶ ᠪᠠ ᠲᠦᠭᠰᠢᠭᠦᠷᠢ ᠮᠡᠳᠡᠭᠡᠯᠡᠬᠦ ᠮᠠᠰᠢᠨ ᠢ ᠤᠭᠰᠠᠷᠠᠭᠰᠠᠨ ᠵᠢᠴᠢ ᠬᠡᠷᠡᠭᠯᠡᠭᠰᠡᠨ | ᠪᠠᠶᠢᠳᠠᠯ ᠵᠡᠷᠭᠡ ᠪᠠᠭᠲᠠᠨ᠎ᠠ᠃ | ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠨᠢ᠂ ᠣᠯᠠᠩᠬᠢ ᠬᠤᠳᠠᠯᠳᠤᠭᠠᠨ ᠤ ᠫᠦᠰᠡ ᠶᠢ ᠲᠣᠭᠲᠠᠭᠠᠯ | ᠶᠣᠰᠣᠭᠠᠷ ᠤᠭᠰᠠᠷᠠᠨ ᠬᠡᠷᠡᠭᠯᠡᠵᠦ ᠪᠠᠶᠢᠨ᠎ᠠ᠃ ᠭᠡᠪᠡᠴᠦ ᠣᠨᠴᠠ ᠵᠠᠷᠢᠮ ᠬᠤᠳᠠᠯᠳᠤᠭᠠᠨ ᠤ ᠫᠦᠰᠡ ᠶᠢ ᠬᠢᠭᠰᠡᠨ | ᠲᠠᠯ᠎ᠠ ᠪᠠᠷ ᠪᠣᠳᠠᠲᠠᠶ ᠪᠢᠰᠢ᠂ ᠭᠠᠯ ᠤᠨᠲᠠᠷᠠᠭᠠᠭᠤᠷ ᠲᠤ ᠣᠨ ᠤ ᠪᠠᠶᠢᠴᠠᠭᠠᠯᠲᠠ᠂ ᠭᠠᠯ ᠤᠨᠲᠠᠷᠠᠭᠠᠭᠤᠷ ᠤᠨ ᠴᠢᠨᠠᠷ ᠢ | ᠪᠠᠲᠤᠯᠠᠬᠤ ᠬᠤᠭᠤᠴᠠᠭ᠎ᠠ ᠨᠢ ᠲᠤᠯᠤᠮᠠᠷ ᠪᠠᠶᠢᠬᠤ ᠵᠡᠷᠭᠡ ᠪᠠᠶᠢᠳᠠᠯ ᠤᠷᠤᠰᠢᠵᠤ᠂ ᠣᠲᠣ ᠨᠢᠭᠡᠨᠲᠡ ᠴᠡᠭᠴᠡᠯᠡᠨ | ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠭᠰᠠᠨ ᠪᠥᠭᠡᠳ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠠᠮᠤᠷ | ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠰ | ᠲᠣᠰ ᠤᠨ ᠲᠠᠯᠠᠪᠤᠷ᠂ ᠲᠥᠬᠦᠭᠡᠷᠦᠮᠵᠢ ᠶᠢᠨ ᠠᠮᠤᠷ ᠲᠦᠪᠰᠢᠨ ᠤ ᠳᠠᠯᠳᠠ ᠬᠡᠮ ᠢ ᠥᠪᠡᠰᠦᠪᠡᠨ ᠪᠠᠶᠢᠴᠠᠭᠠᠵᠤ᠂ ᠠᠮᠤᠷ | ᠲᠦᠪᠰᠢᠨ ᠤ ᠳᠠᠯᠳᠠ ᠬᠡᠮ ᠢ ᠣᠯᠵᠤ ᠮᠡᠳᠡᠪᠡᠯ ᠳᠠᠷᠦ᠋ᠢᠬᠠᠨ ᠴᠡᠭᠴᠡᠯᠡᠨ ᠰᠠᠶᠢᠵᠢᠷᠠᠭᠤᠯᠪᠠ᠃ | ᠢᠷᠡᠭᠡᠳᠦᠶ ᠳᠤ ᠾᠦᠢ ᠶᠢᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠡᠳᠦᠷ ᠲᠤᠲᠤᠮ ᠤᠨ ᠲᠣᠭᠤᠷᠢᠨ | ᠪᠠᠶᠢᠴᠠᠭᠠᠵᠤ ᠬᠠᠮᠠᠭᠠᠯᠠᠬᠤ ᠪᠠᠨ ᠴᠢᠩᠭᠠᠳᠬᠠᠵᠤ᠂ ᠭᠤᠤᠯᠳᠠᠯᠭ᠎ᠠ ᠲᠠᠢ ᠲᠣᠨᠤᠭ ᠲᠥᠬᠦᠭᠡᠷᠦᠮᠵᠢ ᠶᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ | ᠡᠭᠦᠰᠬᠦ ᠶᠢ ᠤᠯᠠᠮ ᠨᠢᠭᠡ ᠠᠯᠬᠤᠮ ᠰᠡᠷᠭᠡᠶᠢᠯᠡᠨ ᠬᠤᠷᠢᠭᠯᠠᠵᠤ᠂ ᠥᠷᠭᠡᠨ ᠣᠯᠠᠨ ᠠᠷᠠᠳ ᠲᠦᠮᠡᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠭᠦᠢᠴᠡᠳ ᠪᠠᠲᠤᠯᠠᠨ᠎ᠠ᠃ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠰᠢᠲᠠᠮᠠᠬᠠᠶ ᠬᠡᠶ ᠶᠢ ᠠᠮᠤᠷ | ᠲᠦᠪᠰᠢᠨ ᠢᠶᠠᠷ ᠬᠡᠷᠡᠭᠯᠡᠬᠦ ᠪᠣᠭᠤᠮᠲᠠ ᠶᠢ ᠦᠨᠡᠨᠬᠦ ᠰᠠᠶᠢᠲᠤᠷ ᠠᠳᠬᠤᠵᠤ᠂ ᠰᠢᠲᠠᠮᠠᠬᠠᠶ ᠬᠡᠶ ᠶᠢᠨ ︽ᠠᠮᠤᠷ | ᠲᠦᠪᠰᠢᠨ ᠤ ᠨᠡᠭᠡᠯᠡᠬᠡᠶ︾ ᠶᠢ ᠴᠢᠩᠭ᠎ᠠ ᠠᠳᠬᠤᠪᠠ᠃ |