ᠵᠢᠨᠬᠠᠢ ᠣᠷᠣᠨ ᠪᠦᠰᠡ ᠶᠢᠨ ᠦᠢᠯᠡᠴᠢᠯᠡᠭᠡᠨ ᠤ ᠲᠥᠪ ᠠᠵᠢᠯ ᠣᠯᠭᠤᠯᠲᠠ ᠶᠢᠨ ᠲᠤᠰᠠᠯᠠᠮᠵᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/9/3
    ᠰᠠᠭᠤᠭᠠᠯᠢ ᠠᠷᠠᠳ ᠲᠤ ᠨᠠᠩ ᠰᠠᠶᠢᠨ ᠦᠢᠯᠡᠴᠢᠯᠡᠵᠦ᠂ ᠠᠵᠢᠯ ᠣᠯᠭᠤᠯᠲᠠ ᠶᠢ ᠲᠤᠰᠠᠯᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠣᠯᠭᠤᠯᠲᠠ ᠶᠢᠨ ᠠᠵᠢᠯ ᠤᠨ ᠰᠠᠭᠤᠷᠢ ᠶᠢ ᠪᠠᠬᠢᠵᠢᠭᠦᠯᠬᠦ ᠶᠢᠨ ᠲᠥᠯᠥᠭᠡ᠂ ᠣᠶᠢᠷ᠎ᠠ ᠳᠤ᠂ ᠵᠢᠨᠬᠠᠢ ᠣᠷᠣᠨ ᠪᠦᠰᠡ ᠶᠢᠨ ᠦᠢᠯᠡᠴᠢᠯᠡᠭᠡᠨ ᠤ ᠲᠥᠪ ᠠᠴᠠ ᠲᠦᠮᠡᠳ ᠵᠡᠭᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢ ᠣᠨᠴᠠᠭᠠᠶᠢᠯᠠᠨ ᠤᠷᠢᠵᠤ᠂ ᠠᠵᠢᠯ ᠣᠯᠭᠤᠯᠲᠠ ᠶᠢ ᠲᠤᠰᠠᠯᠠᠬᠤ ᠲᠤᠬᠠᠶᠢᠯᠠᠭᠰᠠᠨ ᠠᠵᠢᠯ ᠵᠢᠴᠢ ᠠᠵᠢᠯ ᠠᠯᠳᠠᠯᠲᠠ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠤᠨ ᠰᠢᠨ᠎ᠡ ᠰᠢᠰᠲ᠋ᠧᠮ ᠤᠨ ᠬᠡᠷᠡᠭᠯᠡᠯᠲᠡ ᠶᠢᠨ ᠪᠣᠯᠪᠠᠰᠤᠷᠠᠭᠤᠯᠤᠯ ᠤᠨ ᠬᠤᠷᠠᠯ ᠥᠷᠨᠢᠭᠦᠯᠪᠡ᠃    ᠲᠣᠰ ᠤᠳᠠᠭᠠᠨ ᠤ ᠪᠣᠯᠪᠠᠰᠤᠷᠠᠭᠤᠯᠤᠯ ᠨᠢ ᠣᠯᠠᠨ ᠵᠠᠩᠭᠢᠯᠠᠭ᠎ᠠ ᠶᠢᠨ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ ᠠᠵᠢᠯ ᠪᠣᠯ ᠭᠤᠤᠯᠳᠠᠯᠭ᠎ᠠ ᠶᠢᠨ ᠨᠢᠭᠡ ᠪᠣᠯᠤᠨ᠎ᠠ᠂ ᠸᠠᠩ ᠰᠢᠶᠤᠤ ᠹᠧᠩ ᠡᠷᠬᠢᠯᠡᠭᠴᠢ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠪᠠ ᠶᠠᠪᠤᠴᠠ ᠶᠢ ᠨᠠᠷᠢᠨ ᠲᠠᠶᠢᠯᠪᠤᠷᠢᠯᠠᠵᠤ᠂ ᠠᠵᠢᠯ ᠤᠯᠬᠤ ᠳᠤ ᠬᠦᠴᠢᠷᠲᠡᠶ ᠬᠥᠮᠦᠰ ᠤᠨ ᠴᠢᠬᠤᠯᠠ ᠴᠢᠨᠠᠷ ᠢ ᠣᠨᠣᠪᠴᠢᠲᠠᠶ ᠮᠠᠭᠠᠳᠯᠠᠨ ᠲᠣᠭᠲᠠᠭᠠᠬᠤ ᠵᠢᠴᠢ ᠲᠡᠳᠡᠨ ᠳᠤ ᠬᠡᠷᠬᠢᠨ ᠬᠠᠨᠳᠤᠯᠭᠠᠲᠤ ᠴᠢᠨᠠᠷᠲᠠᠶ ᠬᠠᠪᠰᠤᠷᠤᠯᠭ᠎ᠠ ᠦᠵᠡᠭᠦᠯᠵᠦ᠂ ᠨᠥᠬᠦᠴᠡᠯ ᠳᠤ ᠨᠡᠶᠢᠴᠡᠬᠦ ᠬᠥᠮᠦᠨ ᠨᠢᠭᠡᠪᠦᠷᠢ ᠴᠥᠮ ᠦᠵᠡᠭᠦᠯᠪᠡᠰᠦ ᠵᠣᠬᠢᠬᠤ ᠳᠡᠮᠵᠢᠯᠭᠡ ᠪᠠᠨ ᠤᠯᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠠᠵᠢᠯ ᠠᠯᠳᠠᠯᠲᠠ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠤᠨ ᠰᠢᠨ᠎ᠡ ᠰᠢᠰᠲ᠋ᠧᠮ ᠤᠨ ᠬᠡᠷᠡᠭᠯᠡᠯᠲᠡ ᠨᠢ ᠠᠵᠢᠯᠲᠠᠳ ᠲᠤ ᠨᠠᠩ ᠥᠨᠳᠥᠷ ᠪᠦᠲᠦᠮᠵᠢᠲᠡᠶ᠂ ᠨᠠᠩ ᠣᠨᠣᠪᠴᠢᠲᠠᠶ ᠦᠢᠯᠡᠴᠢᠯᠡᠭᠡ ᠬᠠᠩᠭᠠᠵᠤ᠂ ᠰᠢᠨ᠎ᠡ ᠰᠢᠰᠲ᠋ᠧᠮ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠨᠢᠦ ᠵᠢᠶᠠᠨ ᠲᠢᠩ ᠡᠷᠬᠢᠯᠡᠭᠴᠢ ᠪᠥᠬᠦ ᠲᠠᠯ᠎ᠠ ᠪᠠᠷ ᠦᠵᠡᠭᠦᠯᠦᠯᠭᠡ ᠬᠢᠵᠦ᠂ ᠬᠡᠷᠡᠭᠯᠡᠬᠦ ᠶᠠᠪᠤᠴᠠ ᠳᠠᠬᠢ ᠠᠩᠬᠠᠷᠬᠤ ᠵᠦᠢᠯᠡᠰ ᠢ ᠴᠢᠬᠤᠯᠠᠴᠢᠯᠠᠵᠤ᠂ ᠵᠢᠱᠢᠶᠡᠯᠡᠪᠡᠯ ᠮᠡᠳᠡᠭᠡ ᠵᠠᠩᠭᠢ ᠶᠢ ᠲᠠᠭᠯᠠᠨ ᠪᠢᠴᠢᠬᠦ ᠣᠨᠣᠪᠴᠢᠲᠤ ᠴᠢᠨᠠᠷ᠂ ᠭᠤᠶᠤᠴᠢᠯᠠᠨ ᠮᠡᠳᠡᠭᠦᠯᠬᠦ ᠶᠠᠪᠤᠴᠠ ᠶᠢᠨ ᠵᠢᠷᠤᠮᠵᠢᠯ ᠤᠨ ᠴᠢᠨᠠᠷ ᠵᠡᠷᠭᠡ ᠶᠢ ᠴᠢᠬᠤᠯᠠᠴᠢᠯᠠᠵᠤ᠂ ᠠᠵᠢᠯᠲᠠᠨ ᠨᠢᠭᠡᠪᠦᠷᠢ ᠴᠥᠮ ᠰᠢᠨ᠎ᠡ ᠰᠢᠰᠲ᠋ᠧᠮ ᠢ ᠪᠣᠯᠪᠠᠰᠤᠷᠠᠩᠭᠤᠶ ᠡᠵᠡᠮᠰᠢᠬᠦ ᠶᠢ ᠦᠨᠡᠨ ᠬᠦ ᠪᠠᠲᠤᠯᠠᠪᠠ᠃    ᠪᠣᠯᠪᠠᠰᠤᠷᠠᠭᠤᠯᠤᠯ ᠢᠶᠠᠷ ᠳᠡᠮᠵᠢᠨ᠂ ᠣᠯᠠᠨ ᠢᠶᠠᠷ ᠢᠶᠠᠨ ᠨᠥᠬᠦᠪᠥᠷᠢ ᠭᠤᠶᠤᠴᠢᠯᠠᠬᠤ ᠨᠥᠬᠦᠴᠡᠯ᠂ ᠲᠠᠷᠬᠠᠭᠠᠬᠤ ᠪᠠᠷᠢᠮᠵᠢᠶ᠎ᠠ ᠪᠠ ᠭᠦᠢᠴᠡᠳᠭᠡᠬᠦ ᠶᠠᠪᠤᠴᠠ ᠶᠢ ᠲᠣᠳᠣᠷᠬᠠᠶ ᠣᠶᠢᠯᠠᠭᠠᠵᠤ᠂ ᠠᠮᠢᠳᠤᠯᠢᠭ ᠢᠶᠠᠷ ᠠᠵᠢᠯ ᠣᠯᠤᠭᠰᠠᠳ ᠤᠨ ᠠᠵᠤ ᠠᠬᠤᠶ ᠶᠢᠨ ᠳᠠᠷᠤᠭᠠᠰᠤ ᠶᠢ ᠬᠥᠩᠭᠡᠷᠡᠭᠦᠯᠵᠦ᠂ ᠲᠡᠳᠡᠨ ᠤ ᠠᠳᠠᠯ ᠦᠢᠯᠡᠰ ᠴᠣᠭᠴᠠᠯᠠᠵᠤ ᠠᠵᠢᠯ ᠤᠯᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃  ᠵᠢᠨᠬᠠᠢ ᠣᠷᠣᠨ ᠪᠦᠰᠡ ᠶᠢᠨ ᠦᠢᠯᠡᠴᠢᠯᠡᠭᠡᠨ ᠤ ᠲᠥᠪ ᠲᠣᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠠᠵᠢᠯ ᠣᠯᠭᠤᠯᠲᠠ ᠶᠢ ᠲᠤᠰᠠᠯᠠᠬᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠢᠯ ᠤᠯᠬᠤ ᠳᠤ ᠬᠦᠴᠢᠷᠲᠡᠶ ᠬᠥᠮᠦᠰ᠂ ᠠᠮᠢᠳᠤᠯᠢᠭ ᠢᠶᠠᠷ ᠠᠵᠢᠯ ᠤᠯᠬᠤ ᠬᠥᠮᠦᠰ ᠪᠠ ᠠᠵᠢᠯ ᠠᠯᠳᠠᠭᠰᠠᠳ ᠲᠤ ᠨᠠᠩ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠠᠵᠢᠯ ᠣᠯᠭᠤᠯᠲᠠ ᠶᠢ ᠲᠤᠰᠠᠯᠠᠬᠤ ᠠᠵᠢᠯ ᠤᠨ ᠴᠣ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃
 
ᠢᠷᠡᠯᠲᠡ᠄ ᠵᠢᠨᠬᠠᠢ ᠣᠷᠣᠨ ᠪᠦᠰᠡ ᠶᠢᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号