| ᠵᠣᠴᠢᠨ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠲᠡᠰ ᠤᠨ ᠪᠠᠶᠢᠴᠠᠭᠠᠨ | ᠰᠤᠳᠤᠯᠤᠭᠴᠢ ᠸᠠᠩ ᠵᠧᠨ ᠵᠢᠶᠠᠩ᠂ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠰᠠᠯᠠᠭᠠᠨ ᠤ ᠳᠡᠳ᠋ ᠰᠠᠯᠠᠭᠠᠨ | ᠳᠠᠷᠤᠭ᠎ᠠ ᠵᠤ᠋ ᠵᠢᠶᠧ ᠰᠤᠷᠪᠤᠯᠵᠢᠯᠠᠭᠰᠠᠨ ᠴᠠᠭ᠄ 2024 ᠣᠨ ᠤ 8 ᠳ᠋ᠤᠭᠠᠷ ᠰᠠᠷ᠎ᠠ ᠶᠢᠨ 28 ᠤ ᠡᠳᠦᠷ | ᠬᠠᠮᠢᠶᠠᠷᠤᠭᠴᠢ᠄ ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ | ᠰᠦᠯᠵᠢᠶ᠎ᠡ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ | ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ | ᠵᠣᠴᠢᠳ ᠲᠠᠢ ᠦᠵᠡᠯ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠶ | ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠬᠥᠲᠥᠯᠥᠭᠴᠢ᠄ ᠵᠢᠭᠤᠯᠴᠢᠯᠠᠯ ᠤᠨ ᠦᠢᠯᠡᠰ ᠪᠣᠯ ᠰᠢᠨ᠎ᠡ ᠪᠠᠷ ᠬᠥᠭᠵᠢᠭᠰᠡᠨ ᠪᠠᠶᠢᠯᠳᠤᠬᠤ ᠪᠤᠳᠤᠯᠭ᠎ᠠ ᠶᠢᠨ | ᠴᠢᠨᠠᠷᠲᠠᠢ ᠲᠤᠯᠭᠠᠭᠤᠷᠢᠯᠠᠬᠤ ᠠᠵᠤ ᠦᠢᠯᠡᠰ ᠮᠥᠨ᠂ ᠪᠠᠰᠠ ᠴᠤ ᠴᠠᠭ ᠦᠶ᠎ᠡ ᠶᠢᠨ ᠢᠯᠡᠳᠲᠡ ᠣᠨᠴᠠᠯᠢᠭ ᠲᠠᠢ | ᠠᠷᠠᠳ ᠤᠨ ᠠᠮᠢᠳᠤᠷᠠᠯ ᠤᠨ ᠠᠵᠤ ᠦᠢᠯᠡᠰ᠂ ᠵᠣᠯ ᠵᠢᠷᠭᠠᠯᠲᠤ ᠠᠵᠤ ᠦᠢᠯᠡᠰ ᠮᠥᠨ᠃ ᠮᠠᠨ ᠤ ᠤᠯᠤᠰ ᠤᠨ | ᠵᠢᠭᠤᠯᠴᠢᠯᠠᠯ ᠤᠨ ᠬᠥᠭᠵᠢᠯᠲᠡ ᠲᠦᠷᠭᠡᠨ ᠤ ᠵᠠᠮ ᠳᠤ ᠣᠷᠣᠵᠤ᠂ ᠪᠦᠬᠦ ᠳᠡᠯᠡᠬᠡᠢ ᠶᠢᠨ ᠬᠠᠮᠤᠭ ᠤᠨ ᠲᠣᠮᠣ | ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠪᠣᠢ ᠪᠣᠯᠭᠠᠪᠠ᠃ ᠬᠥᠬᠡᠬᠤᠲᠠ ᠨᠢ | ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠪᠣᠯᠤᠭᠰᠠᠨ ᠤ ᠬᠤᠪᠢ ᠳᠤ ᠵᠢᠭᠤᠯᠴᠢᠯᠠᠯ ᠤᠨ ᠬᠥᠭᠵᠢᠯᠲᠡ ᠳᠤ | ᠰᠢᠨ᠎ᠡ ᠠᠵᠠ ᠵᠠᠪᠰᠢᠶᠠᠨ ᠲᠤᠬᠢᠶᠠᠯᠳᠤᠵᠤ ᠪᠠᠢᠨ᠎ᠠ᠃ ᠥᠨᠥᠳᠦᠷ ᠪᠢᠳᠡ ᠬᠥᠬᠡᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠸᠠᠩ ᠵᠧᠨ ᠵᠢᠶᠠᠩ᠂ ᠰᠢᠨᠵᠢᠯᠡᠬᠦ ᠤᠬᠠᠭᠠᠨ | ᠮᠡᠷᠭᠡᠵᠢᠯ ᠰᠣᠶᠣᠯ ᠤᠨ ᠰᠠᠯᠠᠭᠠᠨ ᠤ ᠳᠡᠳ᠋ ᠳᠠᠷᠤᠭ᠎ᠠ ᠵᠦ ᠵᠢᠶᠧ ᠶᠢ ᠣᠨᠴᠠᠭᠠᠶᠢᠯᠠᠨ ᠤᠷᠢᠵᠤ᠂ ︽ᠡᠳ᠋ ᠤᠨ | ᠵᠠᠰᠠᠭ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠵᠤ ᠣᠷᠣᠨ ᠤ ᠲᠥᠪ | ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠠᠬᠤᠶ ᠶᠢᠨ ᠬᠥᠭᠵᠢᠯᠲᠡ ᠳᠤ ᠡᠨᠧᠷᠭᠢ ᠣᠯᠭᠤᠶᠠ︾ ᠭᠡᠬᠦ | ᠰᠡᠳᠦᠪ ᠤᠨ ᠲᠣᠭᠤᠷᠢᠨ ᠳᠤ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠶ᠎ᠠ᠃ | ᠬᠥᠲᠥᠯᠥᠭᠴᠢ᠄ ᠣᠶᠢᠷ᠎ᠠ ᠶᠢᠨ ᠵᠢᠯ ᠳᠤ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠠᠴᠠ ᠵᠢᠭᠤᠯᠴᠢᠯᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠠᠨ ᠤ ᠬᠤᠲᠠ ᠶᠢᠨ | ᠵᠢᠭᠤᠯᠴᠢᠯᠠᠯ ᠤᠨ ᠬᠥᠭᠵᠢᠯᠲᠡ ᠲᠦᠷᠭᠡᠨ ᠤ ᠵᠠᠮ ᠳᠤ ᠣᠷᠣᠪᠠ᠃ ᠣᠯᠠᠨ ᠳᠤ ᠮᠠᠨ ᠤ ᠬᠤᠲᠠ ᠶᠢᠨ ᠡᠳ᠋ ᠤᠨ | ᠵᠠᠰᠠᠭ ᠠᠴᠠ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠳᠡᠮᠵᠢᠭᠰᠡᠨ ᠶᠡᠷᠦᠩᠬᠡᠶ ᠪᠠᠶᠢᠳᠠᠯ ᠢ | ᠲᠠᠨᠢᠯᠴᠠᠭᠤᠯᠵᠤ ᠥᠭᠭᠦᠭᠡᠴᠢ᠃ | ᠸᠠᠩ ᠵᠧᠨ ᠵᠢᠶᠠᠩ᠄ ᠣᠶᠢᠷ᠎ᠠ ᠶᠢᠨ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠤ ᠠᠵᠢᠯ ᠤᠨ ᠪᠠᠢᠷᠢᠯᠠᠭᠤᠯᠤᠯᠲᠠ ᠶᠣᠰᠣᠭᠠᠷ᠂ ᠬᠥᠬᠡᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ︽ᠵᠢᠭᠤᠯᠴᠢᠯᠠᠬᠤ ᠳᠤ ᠲᠣᠬᠢᠷᠠᠮᠵᠢᠲᠠᠢ︾ ᠬᠤᠲᠠ ᠶᠢᠨ ᠲᠥᠯᠥᠪᠵᠢᠭᠦᠯᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠯᠠᠨ | ᠨᠡᠢᠲᠡ ᠶᠢᠨ ᠰᠣᠶᠣᠯ ᠤᠨ ᠦᠢᠯᠡᠴᠢᠯᠡᠭᠡᠨ ᠳᠠᠬᠢ ᠡᠳ᠋ ᠤᠨ ᠵᠠᠰᠠᠭ ᠤᠨ ᠪᠠᠲᠤᠯᠠᠭ᠎ᠠ ᠶᠢᠨ ᠲᠣᠭᠲᠠᠴᠠ ᠶᠢ ᠴᠢᠷᠮᠠᠶᠢᠨ | ᠲᠡᠭᠦᠯᠳᠡᠷᠵᠢᠭᠦᠯᠵᠦ᠂ ᠰᠣᠶᠣᠯ ᠤᠨ ᠬᠦᠷᠢᠶᠡᠨ ᠤ ᠲᠤᠰᠬᠠᠢ ᠪᠡᠯᠡ ᠮᠥᠩᠭᠦ ᠶᠢᠨ ᠵᠠᠷᠤᠯᠭ᠎ᠠ ᠶᠢᠨ ᠪᠦᠲᠦᠴᠡ ᠶᠢ | ᠲᠣᠬᠢᠷᠠᠭᠤᠯᠤᠨ ᠰᠢᠯᠢᠳᠡᠭᠵᠢᠭᠦᠯᠵᠦ᠂ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠠᠢᠲᠤᠷ ᠨᠠᠢᠳᠠᠪᠤᠷᠢᠵᠢᠭᠤᠯᠵᠤ᠂ | ᠤᠳᠬ᠎ᠠ ᠵᠣᠬᠢᠶᠠᠯ ᠤᠷᠠᠯᠢᠭ ᠤᠨ ᠦᠢᠯᠡᠰ ᠤᠨ ᠬᠥᠭᠵᠢᠯᠲᠡ ᠶᠢ ᠳᠡᠮᠵᠢᠬᠦ ᠵᠡᠷᠭᠡ ᠲᠠᠯ᠎ᠠ ᠪᠠᠷ ᠬᠦᠴᠦ ᠲᠠᠯᠪᠢᠵᠤ᠂ ︽ | ᠵᠢᠭᠤᠯᠴᠢᠯᠠᠯ ᠢᠶᠠᠷ ᠬᠤᠲᠠ ᠪᠠᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠬᠡᠬᠤᠲᠠ ᠶᠢᠨ ᠪᠣᠳᠠᠲᠠᠢ ᠪᠠᠶᠢᠳᠠᠯ ᠳᠤ ᠲᠦᠰᠢᠭᠯᠡᠨ ︽ᠵᠢᠭᠤᠯᠴᠢᠯᠠᠯ | +︾ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠪᠠ᠃ ︽︿ᠠᠷᠪᠠᠨ ᠳᠥᠷᠪᠡᠳᠦᠭᠡᠷ | ᠲᠠᠪᠤᠨ ᠵᠢᠯ﹀ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠳᠤ᠄ ︽ | ᠵᠢᠭᠤᠯᠴᠢᠯᠠᠯ ᠨᠢ ᠳᠤᠮᠳᠠᠳᠤ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ ᠴᠢᠬᠤᠯᠠ ᠠᠴᠢᠶᠠᠯᠠᠪᠤᠷᠢ ᠪᠣᠯᠪᠠ︾ ︽ | ᠰᠣᠶᠣᠯ ᠪᠠ ᠵᠢᠭᠤᠯᠴᠢᠯᠠᠯ ᠤᠨ ᠦᠢᠯᠡᠰ ᠤᠨ ᠡᠵᠡᠩᠨᠡᠯᠲᠡ ᠶᠢᠨ ᠪᠠᠶᠢᠳᠠᠯ ᠤᠨ ᠠᠭᠤᠰᠤᠯᠴᠠᠯ᠂ ᠦᠢᠯᠡᠳᠬᠦᠨ ᠤ | ᠠᠭᠤᠰᠤᠯᠴᠠᠯ᠂ ᠵᠠᠬ᠎ᠠ ᠳᠡᠯᠭᠡᠭᠦᠷ ᠤᠨ ᠠᠭᠤᠰᠤᠯᠴᠠᠯ᠂ ᠦᠢᠯᠡᠴᠢᠯᠡᠭᠡᠨ ᠤ ᠠᠭᠤᠰᠤᠯᠴᠠᠯ ᠢ ᠴᠢᠩᠭᠠᠳᠬᠠᠵᠤ᠂ | ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠥᠭᠵᠢᠯᠲᠡ ᠶᠢᠨ ᠬᠠᠮᠲᠤᠷᠠᠯ ᠬᠦᠴᠦᠨ ᠢ ᠪᠦᠷᠢᠯᠳᠦᠭᠦᠯᠪᠡ︾ | ᠭᠡᠵᠦ ᠳᠤᠷᠠᠳᠪᠠ᠃ 2023 ᠣᠨ ᠳᠤ᠂ ᠬᠥᠬᠡᠬᠤᠲᠠ ᠤᠯᠤᠰ ᠤᠨ ᠳᠣᠲᠣᠭᠠᠳᠤ ᠶᠢᠨ ᠵᠢᠭᠤᠯᠴᠢᠳ ᠢ 5058. | 10 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ 773 ᠳ᠋ᠦᠩᠰᠢᠭᠤᠷ | ᠲᠥᠭᠦᠷᠢᠭ ᠬᠦᠷᠴᠡᠢ᠃ ᠳᠡᠭᠡᠷ᠎ᠡ ᠬᠠᠭᠠᠰ ᠵᠢᠯ ᠳᠤ ᠤᠯᠤᠰ ᠤᠨ ᠳᠣᠲᠣᠭᠠᠳᠤ ᠶᠢᠨ ᠵᠢᠭᠤᠯᠴᠢᠳ ᠢ ᠨᠡᠶᠢᠲᠡ | 2741.4 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ 341.49 | ᠳ᠋ᠦᠩᠰᠢᠭᠤᠷ ᠲᠥᠭᠦᠷᠢᠭ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 22.12% ᠢᠶᠠᠷ | ᠨᠡᠮᠡᠭᠳᠡᠪᠡ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠵᠢᠭᠤᠯᠴᠢᠯᠠᠯ ᠤᠨ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠤᠲᠠ ᠶᠢᠨ | ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠥᠭᠵᠢᠯᠲᠡ ᠶᠢᠨ ᠠᠯᠬᠤᠴᠠ ᠶᠢ ᠠᠯᠳᠠᠯ ᠦᠭᠡᠢ | ᠳᠠᠭᠠᠵᠤ᠂ ᠣᠷᠣᠨ ᠤ ᠲᠥᠪ ᠬᠤᠲᠠ ᠶᠢᠨ ᠰᠣᠶᠣᠯ ᠪᠠ ᠵᠢᠭᠤᠯᠴᠢᠯᠠᠯ ᠤᠨ ᠠᠭᠤᠰᠤᠯᠴᠠᠭᠰᠠᠨ ᠬᠥᠭᠵᠢᠯᠲᠡ ᠶᠢ | ᠠᠬᠢᠭᠤᠯᠬᠤ ᠶᠢ ᠪᠠᠷᠢᠮᠲᠠᠯᠠᠵᠤ᠂ ᠴᠥᠭᠡᠨ ᠲᠣᠭᠠᠲᠤ ᠦᠨᠳᠦᠰᠦᠲᠡᠨ ᠤ ᠬᠢᠯᠢ ᠬᠢᠵᠠᠭᠠᠷ ᠣᠷᠣᠨ ᠳᠤ ︽ᠬᠤᠷᠳᠤᠳᠬᠠᠯ | ︾ ᠭᠠᠷᠭᠠᠵᠤ᠂ ᠠᠷᠠᠳ ᠣᠯᠠᠨ ᠳᠤ ᠪᠠᠶᠢᠭᠠᠯᠢ ᠶᠢᠨ ᠭᠤᠸ᠎ᠠ ᠰᠠᠶᠢᠬᠠᠨ ᠢ ᠣᠶᠢᠯᠠᠭᠠᠭᠤᠯᠬᠤ ᠳᠤᠮᠳᠠ ᠰᠣᠶᠣᠯ ᠤᠨ | ᠭᠤᠸ᠎ᠠ ᠰᠠᠶᠢᠬᠠᠨ ᠢ ᠮᠡᠳᠡᠷᠡᠭᠦᠯᠵᠦ᠂ ᠣᠶᠤᠨ ᠰᠠᠨᠠᠭᠠᠨ ᠤ ᠭᠤᠸ᠎ᠠ ᠰᠠᠶᠢᠬᠠᠨ ᠢ ᠪᠣᠯᠪᠠᠰᠤᠷᠠᠭᠤᠯᠪᠠ᠃ ᠲᠥᠪ | ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ | ᠠᠭᠤᠰᠤᠯᠴᠠᠭᠤᠯᠤᠨ ᠬᠥᠭᠵᠢᠭᠦᠯᠵᠦ᠂ ᠣᠷᠣᠨ ᠤ ᠲᠥᠪ ᠬᠤᠲᠠ ᠶᠢᠨ ᠣᠳᠣ ᠦᠶ᠎ᠡ ᠶᠢᠨ ᠵᠢᠭᠤᠯᠴᠢᠯᠠᠯ ᠤᠨ | ᠦᠢᠯᠡᠰ ᠤᠨ ᠰᠢᠰᠲ᠋ᠧᠮᠵᠢ ᠶᠢ ᠬᠦᠴᠦᠯᠡᠨ ᠲᠡᠭᠦᠯᠳᠡᠷᠵᠢᠭᠦᠯᠵᠦ᠂ ᠵᠢᠭᠤᠯᠴᠢᠯᠠᠯ ᠤᠨ ᠬᠦᠴᠦᠷᠬᠡᠭ ᠬᠤᠲᠠ ᠶᠢ | ᠪᠦᠲᠦᠭᠡᠨ ᠪᠠᠶᠢᠭᠤᠯᠵᠤ᠂ ᠮᠠᠨ ᠤ ᠬᠤᠲᠠ ᠶᠢᠨ ᠵᠢᠭᠤᠯᠴᠢᠯᠠᠯ ᠤᠨ ᠠᠵᠤ ᠠᠬᠤᠢ ᠶᠢᠨ ᠲᠦᠷᠭᠡᠨ ᠬᠥᠭᠵᠢᠯᠲᠡ ᠶᠢ | ᠠᠬᠢᠭᠤᠯᠪᠠ᠃ | ᠬᠥᠲᠥᠯᠥᠭᠴᠢ᠄ ᠢᠯᠡ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠣᠶᠢᠷ᠎ᠠ ᠶᠢᠨ ᠵᠢᠯ ᠳᠤ᠂ ᠡᠳ᠋ ᠤᠨ | ᠵᠠᠰᠠᠭ ᠤᠨ ᠰᠠᠯᠠᠭ᠎ᠠ ᠮᠥᠴᠢᠷ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠦᠵᠡᠭᠦᠯᠬᠦ ᠳᠡᠮᠵᠢᠯᠭᠡ ᠪᠠᠨ | ᠲᠠᠰᠤᠷᠠᠯᠲᠠ ᠦᠭᠡᠢ ᠴᠢᠩᠭᠠᠳᠬᠠᠵᠤ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢ ᠭᠦᠢᠴᠡᠳ ᠢᠯᠡᠷᠡᠭᠦᠯᠪᠡ᠃ | ᠲᠡᠭᠡᠪᠡᠯ ᠪᠣᠳᠠᠲᠠᠢ ᠪᠠᠷ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ᠂ ᠡᠳ᠋ ᠤᠨ | ᠵᠠᠰᠠᠭ ᠠᠴᠠ ᠭᠤᠣᠯ ᠶᠠᠮᠠᠷ ᠶᠠᠮᠠᠷ ᠠᠵᠢᠯ ᠬᠢᠭᠰᠡᠨ ᠪᠣᠢ︖ | ᠵᠤ᠋ ᠵᠢᠶᠧ᠄ ᠣᠶᠢᠷ᠎ᠠ ᠶᠢᠨ ᠬᠤᠶᠠᠷ ᠵᠢᠯ ᠳᠤ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠣᠯᠠᠨ | ᠲᠠᠯ᠎ᠠ᠂ ᠣᠯᠠᠨ ᠠᠷᠭ᠎ᠠ ᠵᠠᠮ᠂ ᠣᠯᠠᠨ ᠠᠷᠭ᠎ᠠ ᠬᠡᠮᠵᠢᠶ᠎ᠡ ᠬᠡᠷᠡᠭᠯᠡᠨ ᠡᠯ᠎ᠡ ᠵᠦᠢᠯ ᠤᠨ ᠪᠡᠯᠡ ᠮᠥᠩᠭᠦ ᠶᠢ ᠢᠳᠡᠪᠬᠢᠲᠡᠢ | ᠴᠤᠭᠯᠠᠭᠤᠯᠵᠤ᠂ ᠲᠤᠰ ᠱᠠᠲᠤᠨ ᠤ ᠣᠷᠣᠭᠤᠯᠤᠯᠲᠠ ᠶᠢ ᠴᠢᠷᠮᠠᠶᠢᠨ ᠴᠢᠩᠭᠠᠳᠬᠠᠵᠤ᠂ ᠮᠠᠨ ᠤ ᠬᠤᠲᠠ ᠶᠢᠨ ᠰᠣᠶᠣᠯ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠳᠡᠮᠵᠢᠪᠡ᠃ ᠨᠢᠭᠡ᠂ ᠰᠣᠶᠣᠯ ᠵᠢᠭᠤᠯᠴᠢᠯᠠᠯ ᠢ | ᠠᠭᠤᠰᠤᠯᠴᠠᠭᠤᠯᠬᠤ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ ᠡᠨᠡ ᠵᠢᠯ᠂ ᠬᠤᠲᠠ ᠶᠢᠨ | ᠡᠳ᠋ ᠤᠨ ᠵᠠᠰᠠᠭ ᠠᠴᠠ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠡᠯᠡ ᠣᠷᠣᠭᠤᠯᠤᠯᠲᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠵᠢᠯ ᠤᠨ ᠡᠬᠢᠨ ᠳᠤ ᠪᠡᠯᠡ ᠮᠥᠩᠭᠦ 9735.98 ᠲᠦᠮᠡᠨ ᠲᠥᠭᠦᠷᠢᠭ | ᠲᠣᠬᠢᠷᠠᠭᠤᠯᠪᠠ᠂ ᠡᠭᠦᠨ ᠳᠤ᠄ ᠵᠢᠭᠤᠯᠴᠢᠯᠠᠯ ᠤᠨ ᠤᠬᠠᠭᠤᠯᠭ᠎ᠠ ᠶᠢᠨ ᠪᠡᠯᠡ ᠮᠥᠩᠭᠦ 880 ᠲᠦᠮᠡᠨ ᠲᠥᠭᠦᠷᠢᠭ︔ | ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠪᠡᠯᠡ ᠮᠥᠩᠭᠦ 320 ᠲᠦᠮᠡᠨ ᠲᠥᠭᠦᠷᠢᠭ︔ ᠨᠣᠮ ᠤᠨ ᠰᠠᠩ᠂ | ᠤᠷᠠᠨ ᠵᠢᠷᠤᠭ ᠤᠨ ᠣᠷᠳᠣᠨ᠂ ᠰᠣᠶᠣᠯ ᠤᠨ ᠣᠷᠳᠣᠨ ︵ᠥᠷᠲᠡᠭᠡ︶ ᠶᠢᠨ ᠢᠵᠢ ᠪᠦᠷᠢᠳᠦᠭᠦᠯᠬᠦ ᠪᠡᠯᠡ ᠮᠥᠩᠭᠦ | 94 ᠲᠦᠮᠡᠨ ᠲᠥᠭᠦᠷᠢᠭ︔ ᠡᠯ᠎ᠡ ᠵᠦᠢᠯ ᠤᠨ ᠴᠢᠬᠤᠯᠠ ᠶᠡᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠪᠡᠯᠡ | ᠮᠥᠩᠭᠦ 1300 ᠭᠠᠷᠤᠶ ᠲᠦᠮᠡᠨ ᠲᠥᠭᠦᠷᠢᠭ᠃ ᠰᠣᠶᠣᠯ ᠢ ᠤᠯᠠᠮᠵᠢᠯᠠᠬᠤ ᠠᠵᠢᠯᠯᠠᠭ᠎ᠠ᠂ ᠲᠡᠦᠬᠡ ᠶᠢᠨ | ᠳᠤᠷᠠᠰᠬᠠᠯᠲᠤ ᠵᠦᠢᠯᠡᠰ ᠤᠨ ᠥᠪ ᠬᠥᠷᠥᠩᠭᠡ ᠶᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ︽ᠮᠦᠽᠧᠶ ᠶᠢᠨ | ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡ ᠶᠢ ᠲᠠᠰ ᠳᠡᠪᠰᠢᠭᠦᠯᠬᠦ᠂ ᠰᠣᠶᠣᠯ ᠤᠨ ᠲᠠᠪᠤᠨ ᠣᠷᠳᠣᠨ ︵ᠨᠣᠮ ᠤᠨ ᠰᠠᠩ᠂ ᠰᠣᠶᠣᠯ ᠤᠨ ᠣᠷᠳᠣᠨ᠂ | ᠤᠷᠠᠨ ᠵᠢᠷᠤᠭ ᠤᠨ ᠣᠷᠳᠣᠨ᠂ ᠮᠦᠽᠧᠶ᠂ ᠳᠤᠷᠠᠰᠬᠠᠯ ᠤᠨ ᠣᠷᠳᠣᠨ︶ ᠢ ᠰᠦᠢᠳᠬᠡᠯ ᠬᠤᠷᠢᠶᠠᠬᠤ ᠥᠬᠡᠶ ᠪᠠᠷ | ᠴᠢᠯᠥᠭᠡᠲᠡᠶ ᠨᠡᠭᠡᠭᠡᠬᠦ᠂ ᠴᠢᠨᠠᠷ ᠰᠠᠶᠢᠲᠠᠶ ᠣᠯᠠᠨ ᠨᠡᠶᠢᠲᠡ ᠶᠢᠨ ᠰᠣᠶᠣᠯ ᠤᠨ ᠣᠷᠣᠨ ᠵᠠᠶ ᠶᠢ ᠪᠣᠶ ᠪᠣᠯᠭᠠᠬᠤ ᠶᠢ ᠪᠥᠬᠦ | ᠬᠦᠴᠦᠨ ᠢᠶᠠᠷ ᠢᠶᠠᠨ ᠳᠡᠮᠵᠢᠪᠡ᠃ ︽ᠬᠤᠨ ᠭᠠᠯᠠᠭᠤ ᠤᠩᠰᠢᠯᠭ᠎ᠠ︾ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ | ᠨᠣᠮ ᠤᠨ ᠰᠠᠩ ᠤᠨ ᠶᠡᠷᠦᠩᠬᠡᠶ ᠣᠷᠳᠣᠨ ᠬᠤᠪᠢᠶᠠᠷᠢ ᠣᠷᠳᠣᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ | ᠂ ᠬᠤᠲᠠ ᠶᠢᠨ ᠨᠣᠮ ᠤᠨ ᠥᠷᠥᠭᠡ᠂ ᠲᠠᠯ᠎ᠠ ᠨᠤᠲᠤᠭ ᠤᠨ ᠨᠣᠮ ᠤᠨ ᠥᠷᠥᠭᠡ ᠵᠡᠷᠭᠡ 500 ᠭᠠᠷᠤᠶ ᠬᠤᠲᠠ ᠶᠢᠨ | ᠠᠷᠠᠳ ᠤᠨ ᠭᠡᠷ ᠤᠨ ᠡᠭᠦᠳᠡᠨ ᠳᠠᠬᠢ ︽ᠰᠣᠶᠣᠯ ᠤᠨ ᠵᠣᠴᠢᠨ ᠤ ᠲᠢᠩᠬᠢᠮ︾ ᠢ ᠪᠠᠶᠢᠭᠤᠯᠵᠤ᠂ ︽ᠰᠦᠯᠵᠢᠶᠡᠨ | ᠳᠡᠭᠡᠷᠡᠬᠢ + ᠰᠦᠯᠵᠢᠶᠡᠨ ᠭᠠᠳᠠᠨᠠᠬᠢ︾ ᠦᠢᠯᠡᠴᠢᠯᠡᠭᠡᠨ ᠤ ᠵᠠᠭᠪᠤᠷ ᠢ ᠪᠠᠶᠢᠭᠤᠯᠪᠠ᠃ ᠱᠤᠭᠤᠮᠠᠯ ᠤᠨ ᠤᠷᠠᠯᠢᠭ ᠤᠨ | ᠣᠷᠳᠣᠨ ᠵᠡᠷᠭᠡ ᠰᠣᠶᠣᠯ ᠤᠨ ᠲᠠᠯᠠᠪᠤᠷ ᠲᠤ ᠰᠣᠶᠣᠯ ᠤᠨ ᠪᠦᠲᠦᠭᠡᠯᠴᠢ ᠳᠡᠯᠭᠡᠭᠦᠷ᠂ ᠣᠨᠴᠠᠯᠢᠭᠲᠤ ᠢᠳᠡᠭᠡᠨ | ᠤᠮᠳᠠᠭᠠᠨ ᠵᠡᠷᠭᠡ ᠦᠢᠯᠡᠴᠢᠯᠡᠭᠡ ᠶᠢ ᠲᠣᠬᠢᠷᠠᠭᠤᠯᠪᠠ᠃ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ | ᠪᠦᠲᠦᠭᠡᠬᠦ᠂ ᠰᠣᠶᠣᠯ ᠤᠨ ᠴᠢᠳᠠᠪᠤᠷᠢᠲᠠᠨ ᠢ ᠬᠥᠮᠦᠵᠢᠭᠦᠯᠬᠦ᠂ ᠲᠡᠦᠬᠡ ᠶᠢᠨ ᠳᠤᠷᠠᠰᠬᠠᠯᠲᠤ ᠵᠦᠢᠯ ᠪᠠ ᠪᠣᠳᠠᠰ ᠤᠨ | ᠪᠤᠰᠤ ᠰᠣᠶᠣᠯ ᠤᠨ ᠥᠪ ᠢ ᠬᠠᠮᠠᠭᠠᠯᠠᠬᠤ ᠵᠡᠷᠭᠡ ᠲᠥᠷᠥᠯ ᠵᠦᠢᠯ ᠢ ᠥᠷᠨᠢᠭᠦᠯᠬᠦ ᠶᠢ ᠴᠢᠬᠤᠯᠠᠴᠢᠯᠠᠪᠠ᠃ ᠰᠣᠶᠣᠯ ᠤᠨ | ᠠᠵᠢᠯ ᠢ ᠨᠠᠷᠢᠯᠢᠭ ᠭᠦᠨᠵᠡᠭᠡᠢ ᠰᠠᠶᠢᠲᠤᠷ ᠬᠢᠬᠦ ᠳᠤ ᠪᠠᠲᠤ ᠪᠠᠬᠢ ︽ᠠᠷᠤ ᠲᠠᠯ᠎ᠠ ᠶᠢᠨ ᠦᠢᠯᠡᠴᠢᠯᠡᠭᠡ︾ ᠶᠢᠨ | ᠪᠠᠲᠤᠯᠠᠭ᠎ᠠ ᠬᠠᠩᠭᠠᠵᠤ᠂ ᠮᠠᠨ ᠤ ᠬᠤᠲᠠ ᠶᠢᠨ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠳᠤ ᠬᠦᠴᠦ | ᠨᠡᠮᠡᠷᠢ ᠪᠣᠯᠪᠠ᠃ ᠬᠤᠶᠠᠷ᠂ ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠲᠡᠶ ᠴᠢᠷᠮᠠᠶᠢᠨ ᠣᠯᠵᠤ᠂ ᠰᠢᠯᠵᠢᠭᠦᠯᠦᠨ | ᠲᠥᠯᠥᠬᠦ ᠪᠡᠯᠡ ᠮᠥᠩᠭᠦ ᠶᠢ ᠰᠠᠶᠢᠲᠤᠷ ᠬᠡᠷᠡᠭᠯᠡᠪᠡ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠬᠥᠳᠡᠯᠦᠯᠴᠡᠬᠦ ᠪᠠᠨ ᠴᠢᠩᠭᠠᠳᠭᠠᠵᠤ᠂ ᠵᠢᠭᠤᠯᠴᠢᠯᠠᠯ ᠤᠨ ᠣᠷᠴᠢᠨ | ᠲᠣᠭᠤᠷᠢᠨ ᠤ ᠨᠥᠬᠦᠴᠡᠯ ᠢ ᠶᠡᠬᠡᠪᠡᠷ ᠳᠡᠭᠡᠭᠰᠢᠯᠡᠭᠦᠯᠪᠡ᠃ ᠣᠲᠣ ᠪᠣᠯᠲᠠᠯ᠎ᠠ᠂ ᠨᠢᠭᠡᠨᠲᠡ 14 ᠵᠦᠢᠯ ᠤᠨ ᠳᠡᠭᠡᠳᠦ | ᠱᠠᠲᠤᠨ ᠤ ᠰᠣᠶᠣᠯ ᠵᠢᠭᠤᠯᠴᠢᠯᠠᠯ ᠤᠨ ᠰᠢᠯᠵᠢᠭᠦᠯᠦᠨ ᠲᠥᠯᠥᠬᠦ ᠪᠠᠯᠠ ᠮᠥᠩᠭᠦ ᠶᠢ 12557.26 ᠲᠦᠮᠡᠨ | ᠲᠥᠭᠦᠷᠢᠭ ᠣᠯᠵᠤ᠂ ᠠᠯᠢ ᠣᠯᠠᠨ ᠭᠤᠤᠯᠳᠠᠯᠭ᠎ᠠ ᠲᠠᠢ ᠲᠥᠷᠥᠯ ᠵᠦᠢᠯ ᠢ ᠬᠦᠴᠦᠲᠡᠶ ᠳᠡᠮᠵᠢᠪᠡ᠃ ᠡᠭᠦᠨ ᠤ ᠬᠠᠮᠲᠤ | ᠪᠠᠯᠠ ᠮᠥᠩᠭᠦ ᠥᠭᠬᠦ ᠶᠠᠪᠤᠴᠠ ᠳᠤ᠂ ᠪᠠᠯᠠ ᠮᠥᠩᠭᠦ ᠥᠭᠬᠦ ᠠᠬᠢᠴᠠ ᠶᠢ ᠬᠦᠴᠦᠯᠡᠨ ᠳᠡᠭᠡᠭᠰᠢᠯᠡᠭᠦᠯᠵᠦ᠂ ᠠᠮᠵᠢᠯᠲᠠ | ᠪᠦᠲᠦᠮᠵᠢ ᠶᠢᠨ ᠬᠠᠷᠠᠯᠲᠠ ᠶᠢ ᠴᠢᠬᠤᠯᠠᠴᠢᠯᠠᠨ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠬᠠᠮᠤᠭ ᠤᠨ | ᠶᠡᠭᠡ ᠪᠣᠯᠭᠠᠬᠤ ᠶᠢ ᠦᠨᠡᠨ ᠬᠦ ᠪᠠᠲᠤᠯᠠᠪᠠ᠃ ᠭᠤᠷᠪᠠ᠂ ᠰᠣᠶᠣᠯ ᠵᠢᠴᠢ ᠪᠡᠶ᠎ᠡ ᠶᠢᠨ ᠲᠠᠮᠢᠷ ᠤᠨ ᠤᠷᠤᠯᠳᠤᠭᠠᠨ ᠤ | ᠠᠵᠢᠯᠯᠠᠭ᠎ᠠ ᠶᠢ ᠳᠠᠮᠵᠢᠵᠤ᠂ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠬᠦᠷᠲᠡᠪᠡ | 2024 ᠣᠨ ᠳᠤ᠂ ᠬᠤᠲᠠ ᠶᠢᠨ ᠡᠳ᠋ ᠤᠨ ᠵᠠᠰᠠᠭ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ᠂ | ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠵᠥᠭᠡᠯᠡᠨ ᠪᠣᠳᠠᠲᠤ ᠬᠦᠴᠦᠨ ᠢ ᠪᠥᠬᠦ ᠬᠦᠴᠦᠨ ᠢᠶᠠᠷ ᠢᠶᠠᠨ | ᠳᠡᠭᠡᠭᠰᠢᠯᠡᠭᠦᠯᠪᠡ᠃ ᠵᠢᠯ ᠤᠨ ᠡᠬᠢᠨ ᠳᠤ 870 ᠲᠦᠮᠡᠨ ᠲᠥᠭᠦᠷᠢᠭ ᠤᠨ ᠪᠠᠯᠠ ᠮᠥᠩᠭᠦ ᠳᠣᠭᠢᠷᠠᠭᠤᠯᠵᠤ᠂ 2024 | ᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ | ᠴᠤᠭᠯᠠᠭᠠᠨ ᠢ ᠪᠥᠬᠦ ᠬᠦᠴᠦᠨ ᠢᠶᠠᠷ ᠢᠶᠠᠨ ᠳᠡᠮᠵᠢᠪᠡ᠃ ᠣᠶᠢᠷ᠎ᠠ ᠶᠢᠨ ᠬᠤᠭᠤᠴᠠᠭᠠᠨ ᠳᠤ᠂ ᠠᠷᠪᠠᠳᠤᠭᠠᠷ | ᠬᠤᠭᠤᠴᠠᠭᠠᠨ ᠤ ᠮᠦᠽᠧᠢ ᠶᠢᠨ ᠦᠵᠡᠰᠬᠦᠯᠡᠩ ᠤᠨ ᠴᠤᠭᠯᠠᠭᠠᠨ᠂ ᠬᠤᠷᠢᠨ ᠲᠠᠪᠤᠳᠤᠭᠠᠷ ᠬᠤᠭᠤᠴᠠᠭᠠᠨ ᠤ ᠵᠤᠤ | ᠵᠢᠶᠦ᠋ᠨ ᠤ ᠰᠣᠶᠣᠯ ᠤᠷᠠᠯᠢᠭ ᠤᠨ ᠨᠠᠶᠢᠷ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠶᠢᠨ ᠲᠥᠯᠥᠭᠡ᠂ | 1030 ᠲᠦᠮᠡᠨ ᠲᠥᠭᠦᠷᠢᠭ ᠤᠨ ᠪᠡᠯᠡ ᠮᠥᠩᠭᠦ ᠢᠳᠡᠪᠬᠢᠲᠡᠢ ᠴᠤᠭᠯᠠᠭᠤᠯᠵᠤ᠂ ᠬᠤᠶᠠᠷ ᠶᠡᠭᠡ ᠠᠵᠢᠯᠯᠠᠭ᠎ᠠ ᠶᠢ | ᠬᠥᠭᠵᠢᠶᠡᠨᠲᠡᠢ ᠥᠷᠨᠢᠭᠦᠯᠬᠦ ᠳᠤ ᠬᠦᠴᠦᠨ ᠨᠡᠮᠡᠷᠢᠯᠡᠵᠦ᠂ ᠪᠣᠭᠤᠮᠲᠠ ᠶᠢᠨ ᠭᠠᠳᠠᠨᠠᠬᠢ ᠬᠥᠬᠡᠬᠤᠲᠠ ᠶᠢᠨ ᠠᠯᠳᠠᠷᠰᠢᠯ ᠢ | ᠳᠠᠬᠢᠨᠲᠠ ᠠᠯᠳᠠᠷᠰᠢᠭᠤᠯᠵᠤ᠂ ᠣᠷᠣᠨ ᠤ ᠲᠥᠪ ᠬᠤᠲᠠ ᠶᠢ ᠬᠥᠮᠥᠰ ᠤᠨ ᠠᠩᠬᠠᠷᠤᠯ ᠳᠤ ᠬᠦᠷᠭᠡᠵᠦ᠂ ᠲᠠᠯ᠎ᠠ | ᠨᠤᠲᠤᠭ ᠤᠨ ᠬᠤᠳᠠ ᠶᠢᠨ ᠢᠷᠠᠭᠤ ᠠᠯᠳᠠᠷ ᠢ ᠣᠯᠪᠠ᠃ | ᠬᠥᠲᠥᠯᠥᠭᠴᠢ᠄ ᠡᠳ᠋ ᠤᠨ ᠵᠠᠰᠠᠭ ᠠᠴᠠ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠳᠤ | ᠬᠦᠴᠦᠷᠬᠡᠭ ᠶᠡᠭᠡ ᠪᠡᠯᠡ ᠮᠥᠩᠭᠦ ᠶᠢᠨ ᠪᠠᠲᠤᠯᠠᠭ᠎ᠠ ᠶᠢᠨ ᠦᠢᠯᠡᠳᠦᠯ ᠭᠠᠷᠭᠠᠭᠰᠠᠨ ᠶᠤᠮ ᠪᠠᠶᠢᠨ᠎ᠠ᠂ ᠮᠥᠨᠴᠦ | ᠪᠢᠳᠠᠨ ᠳᠤ ᠡᠳ᠋ ᠤᠨ ᠵᠠᠰᠠᠭ ᠠᠴᠠ ᠰᠣᠶᠣᠯ ᠵᠢᠭᠤᠯᠴᠢᠯᠠᠯ ᠤᠨ ᠠᠵᠢᠯ ᠢ ᠳᠡᠮᠵᠢᠭᠰᠡᠨ ᠲᠤᠬᠠᠢ ᠨᠡᠩ ᠰᠢᠨ᠎ᠡ | ᠣᠶᠢᠯᠠᠭᠠᠯᠲᠠ ᠣᠯᠭᠤᠯ᠎ᠠ᠃ ᠡᠳ᠋ ᠤᠨ ᠵᠠᠰᠠᠭ ᠠᠴᠠ ᠰᠣᠶᠣᠯ ᠵᠢᠭᠤᠯᠴᠢᠯᠠᠯ ᠤᠨ ᠬᠥᠭᠵᠢᠯᠲᠡ ᠶᠢ ᠳᠡᠮᠵᠢᠭᠰᠡᠨ ᠰᠢᠨ᠎ᠡ | ᠦᠷ᠎ᠡ ᠪᠦᠲᠦᠭᠡᠯ ᠠᠴᠠ ᠪᠢᠳᠠᠨ ᠳᠤ ᠪᠣᠳᠠᠲᠠᠢ ᠶᠠᠷᠢᠵᠤ ᠥᠭᠭᠦᠨ᠎ᠡ ᠤᠤ︖ | ᠵᠤ᠋ ᠵᠢᠶᠧ᠄ ᠡᠳ᠋ ᠤᠨ ᠵᠠᠰᠠᠭ ᠠᠴᠠ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢ ᠶᠡᠬᠡᠪᠡᠷ | ᠳᠡᠮᠵᠢᠵᠦ᠂ ᠶᠠᠷᠢᠶᠠᠨ ᠦᠭᠡᠢ ᠶᠡᠭᠡ ᠰᠠᠶᠢᠨ ᠬᠥᠭᠵᠢᠯᠲᠡ ᠶᠢᠨ ᠦᠷ᠎ᠡ ᠪᠦᠲᠦᠭᠡᠯ ᠣᠯᠣᠭᠰᠠᠨ ᠶᠤᠮ᠂ ᠳᠣᠣᠷ᠎ᠠ ᠪᠢ | ᠭᠤᠣᠯᠳᠠᠭᠤ ᠳᠦᠷᠪᠡᠨ ᠲᠠᠯ᠎ᠠ ᠠᠴᠠ ᠣᠯᠠᠨ ᠳᠤ ᠲᠠᠨᠢᠯᠴᠠᠭᠤᠯᠤᠶ᠎ᠠ᠃ ᠨᠢᠭᠡ᠂ ᠪᠦᠬᠦ ᠣᠷᠣᠨ ᠪᠦᠰᠡ ᠶᠢᠨ | ᠵᠢᠭᠤᠯᠴᠢᠯᠠᠯ ᠤᠨ ᠰᠢᠰᠲ᠋ᠧᠮᠵᠢ ᠤᠯᠠᠮ ᠲᠡᠭᠦᠯᠳᠡᠷᠵᠢᠪᠡ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠨ ᠵᠢᠭᠤᠯᠴᠢᠯᠠᠯ ᠤᠨ ᠬᠥᠭᠵᠢᠯᠲᠡ ᠶᠢ ᠲᠡᠭᠦᠯᠳᠡᠷᠵᠢᠭᠦᠯᠵᠦ᠂ | ︽ᠤᠮᠠᠷᠠᠲᠤ ᠬᠢᠯᠢ ᠶᠢᠨ ᠰᠣᠶᠣᠯ︾ ᠢᠶᠠᠷ ᠭᠤᠤᠯ ᠪᠣᠯᠭᠠᠨ᠂ ︽ᠨᠢᠭᠡ ᠬᠤᠩᠬᠢᠯ᠂ ᠬᠤᠶᠠᠷ ᠲᠡᠩᠭᠡᠯᠢᠭ · ᠭᠤᠷᠪᠠᠨ | ᠪᠦᠰᠡ︾ ᠶᠢᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠬᠤ ᠶᠢᠨ | ᠲᠣᠭᠤᠷᠢᠨ ᠳᠤ ᠶᠡᠭᠡ ᠬᠦᠴᠦ ᠣᠷᠣᠭᠤᠯᠤᠨ ᠴᠢᠬᠤᠯᠠ ᠶᠡᠭᠡ ᠲᠥᠷᠥᠯ ᠵᠦᠢᠯ᠂ ᠴᠢᠬᠤᠯᠠ ᠶᠡᠭᠡ ᠨᠠᠷᠠᠲᠤ ᠲᠥᠷᠥᠯ | ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠪᠡ᠃ ᠳᠠᠯᠠᠨ ᠬᠠᠷ᠎ᠠ ᠠᠭᠤᠯᠠ ᠶᠢᠨ ᠠᠮᠢ | ᠠᠬᠤᠶ ᠶᠢᠨ ᠵᠢᠭᠤᠯᠴᠢᠯᠠᠯ ᠤᠨ ᠪᠦᠰᠡ᠂ ᠴᠡᠯᠡᠭᠡᠷ ᠲᠠᠯ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ | ᠵᠢᠭᠤᠯᠴᠢᠯᠠᠯ ᠤᠨ ᠠᠮᠠᠷᠠᠯᠲᠠ ᠶᠢᠨ ᠣᠷᠣᠨ ᠢᠶᠠᠷ ᠦᠨᠡᠯᠡᠭᠳᠡᠵᠦ᠂ ᠠᠳᠤᠭᠤᠨ ᠰᠣᠶᠣᠯ ᠢ ᠪᠡᠶᠡᠴᠢᠯᠡᠨ ᠣᠶᠢᠯᠠᠭᠠᠬᠤ᠂ | ᠰᠣᠶᠣᠯ ᠤᠨ ᠲᠣᠭᠯᠠᠯᠲᠠ ᠤᠷᠠᠯᠢᠭ᠂ ᠴᠡᠯᠡᠭᠡᠷ ᠲᠠᠯ᠎ᠠ ᠶᠢᠨ ᠦᠨᠦᠷ ᠠᠮᠲᠠ ᠵᠡᠷᠭᠡ ᠪᠡᠶᠡᠴᠢᠯᠡᠨ ᠣᠶᠢᠯᠠᠭᠠᠬᠤ | ᠡᠵᠡᠩᠨᠡᠯᠲᠡ ᠶᠢᠨ ᠬᠡᠯᠪᠡᠷᠢ ᠪᠠᠶᠢᠳᠠᠯ᠂ ︽ᠴᠡᠯᠡᠭᠡᠷ ᠲᠠᠯ᠎ᠠ ᠶᠢᠨ ᠬᠤᠸᠠ ᠢ ᠠᠬ᠎ᠠ ᠳᠡᠭᠦᠤ ᠣᠳᠣᠨ ᠲᠢᠶᠠᠲᠷ︾ ᠢ ︽ | ᠴᠡᠯᠡᠭᠡᠷ ᠲᠠᠯ᠎ᠠ ᠶᠢᠨ ᠣᠳᠣᠨ ᠦᠵᠡᠮᠵᠢ︾ ᠪᠣᠯᠭᠠᠨ ᠲᠠᠰ ᠳᠡᠪᠰᠢᠭᠦᠯᠦᠨ ᠥᠭᠡᠷᠡᠴᠢᠯᠡᠨ ᠪᠠᠶᠢᠭᠤᠯᠤᠨ ᠡᠵᠡᠩᠨᠡᠵᠦ᠂ | ᠲᠣᠭᠯᠠᠯᠲᠠ ᠶᠢᠨ ᠤᠷᠠᠯᠢᠭ ᠤᠨ ᠲᠢᠶᠠᠲᠷ᠂ ᠢᠳᠡᠭᠡᠨ ᠤᠮᠳᠠᠭᠠᠨ ᠤ ᠵᠡᠭᠡᠯᠢ ᠲᠣᠭᠤᠷᠢᠭ ᠵᠡᠷᠭᠡ ᠲᠤᠯᠤᠭᠠᠨ ᠶᠡᠭᠡ | ᠬᠡᠰᠡᠭ ᠢ ᠪᠠᠶᠢᠭᠤᠯᠵᠤ᠂ ︽ᠴᠡᠯᠡᠭᠡᠷ ᠲᠠᠯ᠎ᠠ︾ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ | ᠡᠳᠦᠷ ᠢᠷᠡᠬᠦᠶ᠎ᠡ ᠥᠷᠭᠡᠳᠬᠡᠪᠡ᠃ ︽ᠱᠧᠩ ᠱᠦᠢ ᠯᠢᠶᠠᠩ - ᠵᠢᠦ ᠯᠦᠩ ᠸᠠᠨ︾ ᠦᠵᠡᠮᠵᠢ ᠶᠢᠨ ᠣᠷᠣᠨ ᠢ ᠨᠢᠭᠡ | ᠴᠣᠭᠴᠠᠵᠢᠭᠤᠯᠤᠨ ᠡᠵᠡᠩᠨᠡᠬᠦ᠂ ᠡᠭᠦᠳᠡᠨ ᠪᠢᠯᠧᠲ ᠢ ᠬᠠᠷᠢᠯᠴᠠᠨ ᠲᠠᠨᠢᠬᠤ᠂ ᠠᠭᠤᠯᠠᠨ ᠭᠠᠵᠠᠷ ᠤᠨ ᠰᠢᠳᠦᠨ ᠵᠠᠮ ᠤᠨ | ᠭᠠᠯᠲᠤ ᠲᠡᠷᠭᠡ᠂ ᠲᠡᠮᠳᠡᠭ ᠫᠠᠶᠢᠰᠠ ᠵᠡᠷᠭᠡ ᠢᠵᠢ ᠪᠦᠷᠢᠳᠦᠭᠦᠯᠬᠦ ᠲᠥᠷᠥᠯ ᠵᠦᠢᠯ ᠢ ᠯᠠᠪᠳᠠᠭᠤᠨ ᠢᠶᠠᠷ ᠲᠦᠯᠬᠢᠨ | ᠠᠬᠢᠭᠤᠯᠪᠠ᠃ ᠬᠠᠲᠤᠨ ᠭᠤᠤᠯ ᠣᠷᠳᠣ ᠴᠠᠭᠠᠨ ᠬᠡᠷᠡᠮ ᠤᠨ ᠥᠩᠭᠡ ᠦᠵᠡᠮᠵᠢ ᠶᠢᠨ ᠪᠦᠰᠡ ᠶᠢ ᠡᠭᠦᠳᠦᠨ | ᠪᠠᠶᠢᠭᠤᠯᠵᠤ᠂ ᠯᠣᠣ ᠨᠢᠦ ᠸᠠᠨ ᠤ ᠬᠠᠲᠤᠨ ᠭᠤᠤᠯ ᠤᠨ ᠶᠡᠭᠡ ᠬᠠᠪᠴᠢᠯ ᠢ ᠤᠯᠤᠰ ᠤᠨ 5A ᠲᠠᠰ ᠤᠨ | ᠦᠵᠡᠮᠵᠢ ᠶᠢᠨ ᠣᠷᠣᠨ ᠪᠣᠯᠭᠠᠨ ᠡᠭᠦᠳᠦᠨ ᠪᠠᠶᠢᠭᠤᠯᠬᠤ ᠶᠢ ᠳᠥᠯᠭᠢᠨ ᠠᠬᠢᠭᠤᠯᠵᠤ᠂ ᠹᠧᠩ ᠵᠢᠶᠠ ᠲᠠ ᠠᠴᠠ ᠯᠤᠤ | ᠨᠢᠦ ᠸᠠᠨ ᠬᠦᠷᠬᠦ ᠵᠠᠰᠠᠮᠠᠯ ᠵᠠᠮ ᠵᠡᠷᠭᠡ 13 ᠲᠥᠷᠥᠯ ᠵᠦᠢᠯ ᠢ ᠨᠢᠭᠡᠨᠲᠡ ᠳᠠᠭᠤᠰᠬᠠᠵᠤ᠂ ᠶᠠᠭ ᠦᠵᠡᠮᠵᠢ ᠶᠢᠨ | ᠣᠷᠣᠨ ᠤ ᠨᠣᠭᠤᠭᠠᠷᠠᠭᠤᠯᠤᠯᠲᠠ᠂ ᠶᠠᠪᠠᠭᠠᠨ ᠵᠠᠮ ᠤᠨ ᠪᠥᠲᠥᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ | ᠢᠳᠡᠪᠬᠢᠲᠡᠶ ᠳᠥᠯᠭᠢᠨ ᠠᠬᠢᠭᠤᠯᠵᠤ᠂ ᠪᠥᠬᠦ ᠬᠤᠲᠠ ᠶᠢᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠭᠦᠳᠦᠨ | ᠪᠠᠶᠢᠭᠤᠯᠬᠤ ᠡᠭᠦᠷᠭᠡ ᠪᠠᠨ ᠨᠢᠭᠡᠨᠲᠡ ᠳᠠᠭᠠᠭᠠᠨ ᠠᠪᠴᠤ᠂ ᠵᠢᠱᠢᠯᠲᠡ ᠪᠠᠷ 9 ᠰᠠᠷ᠎ᠠ ᠳᠤ ᠰᠣᠶᠣᠯ ᠵᠢᠭᠤᠯᠴᠢᠯᠠᠯ ᠤᠨ | ᠶᠠᠮᠤᠨ ᠳᠤ ᠳᠡᠪᠰᠢᠭᠦᠯᠵᠦ ᠲᠤᠬᠠᠶ ᠶᠢᠨ ᠭᠠᠵᠠᠷ ᠲᠤᠨᠢ ᠰᠢᠯᠭᠠᠭᠤᠯᠬᠤ ᠪᠠᠷ ᠪᠠᠶᠢᠨ᠎ᠠ᠃ ᠣᠷᠳᠣ ᠴᠠᠭᠠᠨ ᠬᠡᠷᠡᠮ ᠤᠨ | ᠤᠯᠤᠰ ᠤᠨ ᠰᠣᠶᠣᠯ ᠤᠨ ᠴᠡᠴᠡᠷᠯᠢᠭ᠂ ᠣᠷᠳᠣ ᠴᠠᠭᠠᠨ ᠬᠡᠷᠡᠮ ᠤᠨ ᠰᠣᠶᠣᠯ ᠤᠨ ᠮᠦᠽᠧᠶ ᠶᠢᠨ ᠭᠤᠤᠯ ᠪᠠᠷᠢᠯᠭ᠎ᠠ ᠶᠢ | ᠳᠠᠭᠤᠰᠬᠠᠵᠤ᠂ ᠶᠠᠭ ᠴᠡᠴᠡᠷᠯᠢᠭ ᠨᠡᠭᠡᠭᠡᠬᠦ ᠶᠣᠰᠣᠯᠠᠯ ᠳᠤ ᠪᠡᠯᠡᠳᠬᠡᠵᠦ ᠪᠠᠶᠢᠨ᠎ᠠ᠃ ᠶᠡᠭᠡ ᠲᠦᠷᠭᠡᠨ ᠭᠤᠣᠯ ᠤᠨ | ᠲᠡᠭᠦᠷᠭᠡ ᠶᠢᠨ ᠴᠡᠴᠡᠭ ᠪᠦᠰᠡ ᠳᠤ ᠰᠣᠶᠣᠯ ᠵᠢᠭᠤᠯᠴᠢᠯᠠᠯ ᠤᠨ ᠦᠢᠯᠡᠰ ᠢ ᠣᠷᠣᠭᠤᠯᠬᠤ ᠶᠢ ᠠᠬᠢᠭᠤᠯᠤᠨ᠂ ᠵᠠᠮ | ᠳᠠᠭᠠᠤ ᠬᠡᠭᠡᠷ᠎ᠡ ᠪᠠᠭᠤᠳᠠᠯᠯᠠᠬᠤ ᠭᠠᠵᠠᠷ ᠢ ᠪᠠᠶᠢᠭᠤᠯᠵᠤ᠂ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ | ᠰᠣᠶᠣᠯ ᠤᠨ ᠴᠡᠴᠡᠷᠯᠢᠭ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠬᠡᠭᠡᠷ᠎ᠡ ᠪᠠᠭᠤᠳᠠᠯᠯᠠᠬᠤ | ᠠᠵᠤ ᠠᠬᠤᠢ᠂ ᠠᠶᠢᠯ ᠪᠠᠭᠤᠴᠠ ᠶᠢᠨ ᠠᠵᠤ ᠠᠬᠤᠢ ᠥᠷᠨᠢᠨ ᠬᠥᠭᠵᠢᠵᠦ᠂ ᠵᠢᠭᠤᠯᠴᠢᠯᠠᠭᠴᠢᠳ ᠢ ᠨᠡᠶᠢᠲᠡ 80 | ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠳ᠋ᠦᠩᠰᠢᠭᠤᠷ ᠲᠥᠭᠦᠷᠢᠭ ᠢ ᠳᠠᠪᠠᠪᠠ᠃ | ︽ᠰᠥᠨᠢ ᠶᠢᠨ ᠵᠢᠭᠤᠯᠴᠢᠯᠠᠯ︾ ᠤᠨ ᠬᠡᠷᠡᠭᠯᠡᠭᠡᠨ ᠤ ᠭᠤᠣᠯ ᠣᠷᠣᠨ ᠢ ᠪᠤᠶᠢᠵᠢᠭᠤᠯᠪᠠ᠃ ᠪᠣᠭᠤᠮᠲᠠ ᠶᠢᠨ | ᠬᠠᠭᠤᠴᠢᠨ ᠵᠡᠭᠡᠯᠢ᠂ ᠣᠪᠣᠭ᠎ᠠ ᠲᠣᠰᠬᠤᠨ ᠵᠡᠷᠭᠡ 2 ᠤᠯᠤᠰ ᠤᠨ ᠲᠠᠰ ᠤᠨ ᠰᠥᠨᠢ ᠶᠢᠨ ᠰᠣᠶᠣᠯ ᠪᠠ | ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠢ ᠡᠭᠦᠳᠦᠨ ᠪᠠᠶᠢᠭᠤᠯᠵᠤ᠂ ᠮᠤᠷᠤᠢ ᠭᠤᠳᠤᠮᠵᠢ᠂ ᠥᠷᠭᠡᠨ | ᠭᠤᠳᠤᠮᠵᠢ ᠵᠡᠷᠭᠡ ︽ᠠᠷᠪᠠᠨ ᠶᠡᠭᠡ ᠰᠥᠨᠢ ᠶᠢᠨ ᠵᠢᠭᠤᠯᠴᠢᠯᠠᠯ ᠤᠨ ᠭᠠᠵᠠᠷ︾ ᠢ ᠪᠠᠶᠢᠭᠤᠯᠵᠤ᠂ ︽ᠳᠠᠭᠤᠤ | ᠬᠥᠭᠵᠢᠮ ᠠᠮᠲᠠᠲᠤ ᠢᠳᠡᠭᠡᠨ ᠤ ᠤᠯᠠᠷᠢᠯ︾᠂ ︽ᠮᠢᠩᠭᠠᠨ ᠣᠨ ᠤ ᠵᠣᠣ ᠵᠢᠶᠦ᠋ᠨ ᠤ ᠮᠠᠭᠲᠠᠭᠠᠯ︾ ᠵᠡᠷᠭᠡ ᠰᠣᠶᠣᠯ | ᠵᠢᠭᠤᠯᠴᠢᠯᠠᠯ ᠤᠨ ᠬᠤᠳᠠᠯᠳᠤᠭᠠᠨ ᠤ ᠣᠯᠠᠨ ᠡᠰᠢᠲᠦ ᠠᠭᠤᠰᠤᠯᠴᠠᠯ ᠤᠨ ᠬᠡᠷᠡᠭᠯᠡᠭᠡᠨ ᠤ ᠪᠠᠶᠢᠳᠠᠯ ᠢ ᠪᠣᠶ ᠪᠣᠯᠭᠠᠪᠠ᠃ | ᠬᠤᠶᠠᠷ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ ᠦᠷᠭᠦᠯᠵᠢᠯᠡᠨ ᠭᠦᠨᠵᠡᠭᠡᠶᠢᠷᠡᠪᠡ ᠰᠣᠶᠣᠯ | ᠵᠢᠭᠤᠯᠴᠢᠯᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠰᠣᠶᠣᠯ ᠤᠨ ᠣᠨᠴᠠᠯᠢᠭ ᠢ ᠭᠦᠨᠵᠡᠭᠡᠶ ᠠᠭᠤᠳᠠᠯᠵᠤ᠂ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠦᠷᠭᠦᠯᠵᠢᠯᠡᠨ ᠠᠬᠢᠭᠤᠯᠪᠠ᠃ ᠨᠢᠭᠡ ᠳᠤ ︽ | ᠰᠣᠶᠣᠯ ᠵᠢᠭᠤᠯᠴᠢᠯᠠᠯ + ᠲᠠᠷᠢᠶᠠᠯᠠᠩ︾ ᠢ ᠬᠥᠭᠵᠢᠭᠦᠯᠪᠡ᠃ ᠰᠡᠩᠭᠡ ᠶᠢᠨ ᠠᠶᠢᠯ ᠲᠣᠰᠬᠤᠨ ᠵᠡᠷᠭᠡ ᠥᠪᠡᠷᠲᠡᠭᠡᠨ | ᠵᠠᠰᠠᠬᠤ ᠣᠷᠣᠨ ᠤ ᠲᠡᠰ ᠤᠨ 4 ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢ | ᠪᠠᠶᠢᠭᠤᠯᠵᠤ᠂ ᠰᠡᠩᠭᠡ ᠶᠢᠨ ᠠᠶᠢᠯ ᠲᠣᠰᠬᠤᠨ᠂ ᠬᠠᠰᠢᠶᠠᠲᠤ ᠲᠣᠰᠬᠤᠨ ᠵᠡᠷᠭᠡ 2 ᠵᠢᠭᠤᠯᠴᠢᠯᠠᠯ ᠤᠨ ᠱᠤᠭᠤᠮ ᠨᠢ | ᠰᠣᠶᠣᠯ ᠵᠢᠭᠤᠯᠴᠢᠯᠠᠯ ᠤᠨ ᠶᠠᠮᠤᠨ ᠤ ︽ᠦᠵᠡᠰᠬᠦᠯᠡᠩᠲᠦ ᠰᠠᠶᠢᠬᠠᠨ ᠬᠠᠪᠤᠷ ᠤᠨ ᠲᠤᠶᠠᠭᠠᠲᠤ ᠵᠠᠮ ᠳᠡᠭᠡᠷ᠎ᠡ︾ ᠪᠠ ︽ | ᠬᠦᠴᠦᠯᠢᠭ ᠵᠦᠷᠵᠢ ᠶᠢᠨ ᠰᠢᠷ᠎ᠠ ᠵᠦᠷᠵᠢ ᠶᠢᠨ ᠨᠣᠭᠤᠭᠠᠨ ᠬᠥᠳᠡᠭᠡ ᠲᠣᠰᠬᠤᠨ ᠤ ᠦᠵᠡᠮᠵᠢ︾ ᠶᠢᠨ ᠭᠤᠣᠯ | ᠰᠡᠳᠦᠪᠲᠦ ᠵᠠᠮ ᠱᠤᠭᠤᠮ ᠢᠶᠠᠷ ᠰᠣᠩᠭᠤᠭᠳᠠᠵᠤ᠂ ᠬᠥᠳᠡᠭᠡ ᠲᠣᠰᠬᠤᠨ ᠤ ᠵᠢᠭᠤᠯᠴᠢᠯᠠᠯ ᠨᠢ ᠬᠤᠳᠠ ᠶᠢᠨ ᠰᠠᠭᠤᠭᠠᠯᠢ | ᠠᠷᠠᠳ ᠤᠨ ᠭᠠᠷᠠᠭ ᠤᠨ ᠰᠡᠭᠦᠯᠴᠢ ᠶᠢᠨ ᠰᠡᠯᠡᠭᠦᠴᠡᠨ ᠠᠮᠠᠷᠠᠬᠤ ᠴᠢᠬᠤᠯᠠ ᠵᠣᠷᠢᠭᠰᠠᠨ ᠭᠠᠵᠠᠷ ᠪᠣᠯᠵᠠᠢ᠃ | ᠬᠤᠶᠠᠷ ᠲᠤ᠂ ︽ᠠᠵᠤ ᠦᠢᠯᠡᠳᠪᠦᠷᠢ + ᠰᠣᠶᠣᠯ ᠵᠢᠭᠤᠯᠴᠢᠯᠠᠯ︾ ᠢ ᠬᠥᠭᠵᠢᠭᠦᠯᠪᠡ᠃ ᠨᠢᠭᠡ ᠪᠦᠯᠦᠭ ᠰᠢᠨ᠎ᠡ | ᠬᠡᠯᠪᠡᠷᠢ ᠶᠢᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠣᠷᠣᠨ ᠵᠠᠶ ᠶᠢ ᠡᠭᠦᠳᠦᠨ | ᠪᠠᠶᠢᠭᠤᠯᠵᠤ᠂ ᠮᠧᠩ ᠨᠢᠦ ᠠᠵᠤ ᠦᠢᠯᠡᠳᠪᠦᠷᠢ ᠶᠢᠨ ᠵᠢᠭᠤᠯᠴᠢᠯᠠᠯ ᠤᠨ ᠣᠷᠣᠨ ᠤᠯᠤᠰ ᠤᠨ ᠲᠠᠰ ᠤᠨ ᠪᠣᠯᠪᠠᠰᠤᠨ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠢ ᠪᠠᠷ ᠦᠨᠡᠯᠡᠭᠳᠡᠵᠦ᠂ ᠢᠯᠢ ᠶᠢᠨ ᠲᠠᠯ᠎ᠠ ᠨᠤᠲᠤᠭ ᠤᠨ ᠰᠦ ᠰᠣᠶᠣᠯ | ᠵᠢᠭᠤᠯᠴᠢᠯᠠᠯ ᠤᠨ ᠦᠵᠡᠮᠵᠢ ᠶᠢᠨ ᠣᠷᠣᠨ ᠤᠯᠤᠰ ᠤᠨ ᠠᠩᠬᠠᠳᠠᠭᠴᠢ ᠪᠦᠯᠦᠭ 5G + ᠣᠶᠤᠨᠴᠢ | ᠵᠢᠭᠤᠯᠴᠢᠯᠠᠯ ᠤᠨ ᠲᠤᠷᠰᠢᠯᠲᠠ ᠶᠢᠨ ᠲᠥᠷᠥᠯ ᠵᠦᠢᠯ ᠢᠶᠠᠷ ᠦᠨᠡᠯᠡᠭᠳᠡᠵᠦ᠂ ︽ᠴᠡᠯᠡᠭᠡᠷ ᠲᠠᠯ᠎ᠠ ᠣᠶᠤᠨᠴᠢ ᠠᠮᠢ | ᠠᠬᠤᠶ ᠶᠢᠨ ᠮᠠᠯᠵᠢᠯ ᠤᠨ ᠲᠠᠯᠠᠪᠠᠶ︾᠂ ᠪᠢᠰᠢᠯᠠᠭ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠵᠡᠷᠭᠡ ᠶᠢ | ᠪᠠᠶᠢᠭᠤᠯᠤᠨ ᠨᠡᠭᠡᠭᠡᠯᠲᠡ ᠬᠢᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ᠂ ᠲᠣᠭᠤᠷᠢᠨ | ᠦᠵᠡᠵᠦ ᠬᠠᠷᠢᠯᠴᠠᠨ ᠬᠥᠳᠡᠯᠦᠯᠴᠡᠬᠦ᠂ ᠰᠤᠳᠤᠯᠤᠨ ᠰᠤᠷᠤᠯᠴᠠᠵᠤ ᠵᠢᠭᠤᠯᠴᠢᠯᠠᠬᠤ ᠬᠡᠪ ᠳᠠᠭᠤᠷᠢᠶᠠᠯ ᠤᠨ ᠲᠥᠷᠥᠯ | ᠵᠦᠢᠯ ᠢ ᠪᠣᠶ ᠪᠣᠯᠭᠠᠪᠠ᠃ ᠭᠤᠷᠪᠠ ᠳᠤ᠂ ᠬᠤᠪᠢᠰᠬᠠᠯ ᠤᠨ ᠰᠣᠶᠣᠯ ᠵᠢᠭᠤᠯᠴᠢᠯᠠᠯ ᠢ ᠬᠥᠭᠵᠢᠭᠦᠯᠪᠡ᠃ ᠦᠴᠤᠸᠠᠨ | ᠰᠢᠶᠠᠨ ᠢ ᠤᠯᠤᠰ ᠤᠨ ᠬᠤᠪᠢᠰᠬᠠᠯ ᠤᠨ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠣᠷᠣᠨ | ᠪᠣᠯᠭᠠᠨ ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠪᠠ᠃ ᠭᠤᠷᠪᠠ᠂ ᠰᠣᠶᠣᠯ ᠵᠢᠭᠤᠯᠴᠢᠯᠠᠯ ᠤᠨ | ᠬᠠᠩᠭᠠᠯᠭ᠎ᠠ ᠶᠢᠨ ᠶᠠᠰᠤ ᠴᠢᠨᠠᠷ ᠢᠯᠡᠳᠲᠡ ᠳᠡᠭᠡᠭᠰᠢᠯᠡᠪᠡ ᠨᠢᠭᠡ ᠳᠤ᠂ ᠪᠠᠶᠠᠷ ᠳᠤᠷᠠᠰᠬᠠᠯ ᠤᠨ ᠡᠳᠦᠷ ᠤᠨ | ᠬᠡᠷᠡᠭᠯᠡᠭᠡᠨ ᠤ ᠠᠬᠤᠢ ᠪᠠᠶᠢᠳᠠᠯ ᠢ ᠪᠣᠶ ᠪᠣᠯᠭᠠᠪᠠ᠃ 2024 ᠣᠨ ᠳᠤ᠂ ᠬᠤᠲᠠ ᠶᠢᠨ ᠡᠳ᠋ ᠤᠨ ᠵᠠᠰᠠᠭ ᠠᠴᠠ | 375 ᠲᠦᠮᠡᠨ ᠲᠥᠭᠦᠷᠢᠭ ᠤᠨ ᠪᠠᠯᠠ ᠮᠥᠩᠭᠦ ᠳᠣᠭᠢᠷᠠᠭᠤᠯᠵᠤ᠂ ᠰᠢᠨ᠎ᠡ ᠵᠢᠯ᠂ ᠴᠠᠭᠠᠨ ᠰᠠᠷ᠎ᠠ᠂ ᠥᠯᠵᠡᠶᠢᠲᠦ | ᠡᠳᠦᠷ ᠤᠨ ᠪᠠᠶᠠᠷ᠂ ᠲᠠᠪᠤᠨ ᠰᠠᠷ᠎ᠠ ᠶᠢᠨ ᠨᠢᠭᠡᠨ ᠤ ᠪᠠᠶᠠᠷ ᠵᠡᠷᠭᠡ ᠪᠠᠶᠠᠷ ᠤᠨ ᠡᠳᠦᠷ ᠲᠤ ᠬᠠᠨᠳᠤᠭᠤᠯᠵᠤ᠂ ᠳᠡᠯ | ᠠᠭᠤᠯᠠ ᠶᠢᠨ ᠴᠡᠨᠡᠯᠲᠡ ᠶᠢᠨ ᠲᠠᠯᠠᠪᠠᠶ᠂ ᠪᠣᠭᠤᠮᠲᠠ ᠶᠢᠨ ᠬᠠᠭᠤᠴᠢᠨ ᠵᠡᠭᠡᠯᠢ ᠵᠡᠷᠭᠡ ᠤᠨᠴᠠᠯᠢᠬᠳᠤ ᠦᠵᠡᠮᠵᠢ ᠶᠢᠨ | ᠣᠷᠣᠨ᠂ ᠬᠡᠷᠡᠭᠯᠡᠭᠡ ᠲᠥᠪᠯᠡᠷᠡᠭᠰᠡᠨ ᠣᠷᠣᠨ ᠳᠤ ᠲᠦᠰᠢᠭᠯᠡᠨ᠂ ︽ᠤᠮᠠᠷᠠᠲᠤ ᠬᠢᠯᠢ ᠶᠢᠨ ᠰᠢᠨ᠎ᠡ ᠵᠢᠯ ᠤᠨ ᠦᠳᠡᠰᠢ︾ | ᠂ ︽ᠬᠥᠬᠡᠬᠤᠲᠠ ᠶᠢᠨ ᠮᠥᠰᠥ ᠴᠠᠰᠤᠨ ᠤ ᠨᠠᠶᠢᠷ︾᠂ ︽ᠪᠣᠳᠠᠰ ᠤᠨ ᠪᠤᠰᠤ ᠰᠣᠶᠣᠯ ᠤᠨ ᠥᠪ ᠤᠨ ᠰᠦᠮ᠎ᠡ ᠶᠢᠨ | ᠴᠤᠭᠯᠠᠭᠠᠨ︾᠂ ︽ᠴᠡᠴᠡᠭ ᠰᠣᠨᠢᠷᠬᠠᠬᠤ ᠤᠯᠠᠷᠢᠯ︾ ᠵᠡᠷᠭᠡ ᠨᠠᠷᠠᠲᠤ ᠲᠡᠮᠳᠡᠭᠲᠦ ᠶᠢᠨ ᠠᠵᠢᠯᠯᠠᠭ᠎ᠠ ᠶᠢ | ᠭᠤᠤᠯᠳᠠᠯᠭ᠎ᠠ ᠲᠠᠢ ᠡᠷᠬᠢᠯᠡᠨ᠂ ᠣᠯᠠᠨ ᠬᠡᠷᠡᠭᠯᠡᠭᠡᠨ ᠤ ᠪᠠᠶᠢᠳᠠᠯ ᠢ ᠪᠣᠶ ᠪᠣᠯᠭᠠᠵᠤ᠂ ︽ᠰᠣᠶᠣᠯ ᠵᠢᠭᠤᠯᠴᠢᠯᠠᠯ | ᠬᠤᠳᠠᠯᠳᠤᠭᠠᠨ︾ ᠤ ᠣᠯᠠᠨ ᠡᠰᠢᠲᠦ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠭᠤᠰᠤᠯᠴᠠᠨ ᠬᠥᠭᠵᠢᠬᠦ ᠶᠢ | ᠠᠬᠢᠭᠤᠯᠪᠠ᠃ ᠬᠤᠶᠠᠷ ᠲᠤ᠂ ᠲᠣᠭᠯᠠᠯᠲᠠ ᠶᠢᠨ ᠤᠷᠠᠯᠢᠭ ᠤᠨ ᠬᠡᠷᠡᠭᠯᠡᠭᠡᠨ ᠤ ᠠᠬᠤᠢ ᠪᠠᠶᠢᠳᠠᠯ ᠢ ᠪᠤᠵᠠᠭᠠᠶᠢᠷᠠᠭᠤᠯᠪᠠ᠃ | ᠵᠠᠩ ᠵᠢᠶᠧ᠂ ᠰᠢᠤᠸᠠᠢ ᡁᠢ ᠴᠢᠶᠠᠨ᠂ ᠵᠠᠩ ᠰᠢᠨ ᠵᠧ᠂ ᠳ᠋ᠧᠩ ᠽᠢ ᠴᠢ᠂ ᠭᠠᠷᠤᠳᠢ ᠭᠠᠯᠪᠢᠩᠭ᠎ᠠ ᠬᠠᠮᠲᠤᠯᠢᠭ ᠤᠨ | ᠳᠠᠭᠤᠨ ᠤ ᠦᠳᠡᠰᠢᠯᠡᠭᠡ ᠶᠢᠨ ᠲᠣᠭᠤᠷᠢᠨ ᠳᠤ᠂ ᠤᠷᠠᠯᠢᠭ ᠤᠨ ᠠᠵᠤ ᠠᠬᠤᠶ ᠶᠢ ᠬᠥᠭᠵᠢᠭᠦᠯᠵᠦ᠂ ᠰᠣᠶᠣᠯ ᠤᠨ | ᠦᠵᠡᠰᠬᠦᠯᠡᠩ ᠂ ᠤᠨᠴᠠᠯᠢᠬᠳᠤ ᠵᠡᠭᠡᠯᠢ ᠲᠣᠭᠤᠷᠢᠭ᠂ ᠰᠦᠯᠵᠢᠶᠡᠨ ᠤ ᠰᠣᠳᠣᠨ ᠭᠠᠵᠠᠷ ᠵᠡᠷᠭᠡ ᠬᠡᠷᠡᠭᠯᠡᠭᠡᠨ ᠤ ᠠᠬᠤᠢ | ᠪᠠᠶᠢᠳᠠᠯ ᠢ ᠪᠠᠶᠢᠭᠤᠯᠵᠤ᠂ ︽ᠢᠳᠡᠵᠦ ᠤᠤᠭᠤᠬᠤ ᠶᠠᠪᠤᠵᠤ ᠰᠠᠭᠤᠬᠤ ᠵᠤᠭᠠᠴᠠᠵᠤ ᠬᠤᠳᠠᠯᠳᠤᠨ ᠠᠪᠬᠤ ᠵᠤᠭ᠎ᠠ | ᠴᠡᠩᠭᠡᠯ︾ ᠵᠢᠭᠤᠯᠴᠢᠯᠠᠯ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠪᠠ᠃ ᠭᠤᠷᠪᠠ ᠳᠤ᠂ ᠰᠣᠶᠣᠯ | ᠦᠵᠡᠰᠬᠦᠯᠡᠩ ᠤᠨ ᠬᠡᠷᠡᠭᠯᠡᠭᠡᠨ ᠤ ᠠᠬᠤᠢ ᠪᠠᠶᠢᠳᠠᠯ ᠢ ᠥᠷᠭᠡᠳᠬᠡᠪᠡ᠃ ᠡᠨᠡ ᠵᠢᠯ᠂ ᠬᠤᠲᠠ ᠶᠢᠨ ᠡᠳ᠋ ᠤᠨ | ᠵᠠᠰᠠᠭ ᠠᠴᠠ 100 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠰᠣᠶᠣᠯ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠶᠢ ᠬᠠᠮᠵᠢᠨ ︽ᠮᠦᠽᠧᠶ ᠶᠢᠨ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠶᠡᠷᠦᠩᠬᠡᠶ ᠣᠷᠳᠣᠨ ᠬᠤᠪᠢᠶᠠᠷᠢ ᠣᠷᠳᠣᠨ ᠤ ᠳᠦᠷᠢᠮ ᠤᠨ ᠥᠭᠡᠷᠡᠴᠢᠯᠡᠯᠲᠡ ᠶᠢ | ᠪᠡᠶᠡᠯᠡᠭᠦᠯᠦᠨ᠂ ᠣᠯᠠᠨ ᠤᠯᠤᠰ ᠤᠨ ᠮᠦᠽᠧᠶ ᠶᠢᠨ ᠨᠡᠶᠢᠭᠡᠮᠯᠢᠭ ᠲᠤ ᠣᠷᠣᠯᠴᠠᠵᠤ᠂ ᠬᠥᠬᠡᠬᠤᠲᠠ ᠮᠦᠽᠧᠶ᠂ | ᠢᠯᠢ ᠶᠢᠨ ᠲᠠᠯ᠎ᠠ ᠨᠤᠲᠤᠭ ᠤᠨ ᠰᠦ ᠶᠢᠨ ᠰᠣᠶᠣᠯ ᠤᠨ ᠮᠦᠽᠧᠶ᠂ ᠥᠪᠥᠷ ᠮᠣᠩᠭᠤᠯ ᠤᠨ ᠪᠠᠶᠢᠭᠠᠯᠢ ᠶᠢᠨ | ᠮᠦᠽᠧᠢ ᠶᠢ ᠤᠯᠤᠰ ᠤᠨ ᠨᠢᠭᠡᠳᠦᠭᠡᠷ ᠳᠡᠰ ᠤᠨ ᠮᠦᠽᠧᠢ ᠪᠠᠷ ᠡᠭᠦᠳᠦᠨ ᠪᠠᠶᠢᠭᠤᠯᠵᠤ᠂ ᠠᠷᠪᠠᠳᠤᠭᠠᠷ | ᠬᠤᠭᠤᠴᠠᠭᠠᠨ ᠤ ︽ᠮᠦᠽᠧᠢ ᠶᠢᠨ ᠦᠵᠡᠰᠬᠦᠯᠡᠩ ᠤᠨ ᠴᠤᠭᠯᠠᠭᠠᠨ︾ ᠢ ᠠᠮᠵᠢᠯᠲᠠ ᠲᠠᠢ ᠡᠷᠬᠢᠯᠡᠪᠡ᠃ ᠳᠥᠷᠪᠡ᠂ | ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢᠯᠡᠳᠲᠡ ᠰᠠᠶᠢᠵᠢᠷᠠᠪᠠ ᠨᠢᠭᠡ ᠳᠤ᠂ ᠣᠯᠠᠨ | ᠨᠡᠶᠢᠲᠡ ᠶᠢᠨ ᠰᠣᠶᠣᠯ ᠤᠨ ᠴᠢᠨᠠᠷ ᠰᠠᠶᠢᠲᠠᠶ ᠣᠷᠣᠨ ᠵᠠᠶ ᠶᠢ ᠪᠠᠶᠢᠭᠤᠯᠪᠠ᠃ ᠵᠢᠯ ᠤᠨ ᠡᠬᠢᠨ ᠳᠤ᠂ ᠬᠥᠬᠡᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ ᠨᠢ ᠰᠣᠶᠣᠯ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠲᠠᠢ ᠬᠠᠮᠲᠤᠷᠠᠨ | ᠡᠷᠲᠡ ᠠᠴᠠ ᠲᠥᠯᠥᠪᠵᠢᠭᠦᠯᠵᠦ᠂ ᠡᠷᠲᠡ ᠠᠴᠠ ᠲᠣᠬᠢᠷᠠᠭᠤᠯᠵᠤ᠂ ᠳᠡᠭᠡᠳᠦ ᠱᠠᠲᠤᠨ ᠤ ᠲᠤᠰᠬᠠᠢ ᠪᠡᠯᠡ ᠮᠥᠩᠭᠦ ᠶᠢ | 846 ᠲᠦᠮᠡᠨ ᠲᠥᠭᠦᠷᠢᠭ ᠣᠯᠵᠤ᠂ ᠲᠤᠰ ᠱᠠᠲᠤᠨ ᠠᠴᠠ ᠢᠵᠢ ᠪᠦᠷᠢᠳᠦᠭᠦᠯᠬᠦ ᠪᠡᠯᠡ ᠮᠥᠩᠭᠦ ᠶᠢ 94 ᠲᠦᠮᠡᠨ | ᠲᠥᠭᠦᠷᠢᠭ ᠭᠠᠷᠭᠠᠵᠤ᠂ ᠣᠯᠠᠨ ᠨᠡᠢᠲᠡ ᠶᠢᠨ ᠰᠣᠶᠣᠯ ᠤᠨ ᠶᠡᠷᠦᠩᠬᠡᠢ ᠣᠷᠳᠣᠨ ᠬᠤᠪᠢᠶᠠᠷᠢ ᠣᠷᠳᠣᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠥᠬᠡᠬᠤᠲᠠ ᠶᠢᠨ ᠨᠣᠮ ᠤᠨ ᠰᠠᠩ | 1 ᠬᠤᠪᠢᠶᠠᠷᠢ ᠣᠷᠳᠣᠨ᠂ 5 ᠨᠡᠭᠦᠳᠡᠯ ᠥᠷᠲᠡᠭᠡ ᠪᠠᠶᠢᠭᠤᠯᠤᠨ᠂ ︽ᠬᠤᠨ ᠭᠠᠯᠠᠭᠤ ᠤᠩᠰᠢᠯᠭ᠎ᠠ︾ ᠨᠡᠷᠡᠲᠦ | ᠲᠡᠮᠳᠡᠭ ᠢ ᠡᠭᠦᠳᠪᠡ᠃ ᠬᠤᠶᠠᠷ ᠲᠤ᠂ ᠵᠢᠭᠤᠯᠴᠢᠯᠠᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠠᠬᠢᠭᠤᠯᠪᠠ᠃ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 50.86 ᠲᠦᠮᠡᠨ ᠲᠥᠭᠦᠷᠢᠭ | ᠪᠠᠭᠤᠯᠭᠠᠵᠤ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢ ᠬᠠᠪᠰᠤᠷᠤᠨ ᠪᠦᠬᠦ ᠬᠤᠲᠠ ᠶᠢᠨ | ᠵᠢᠭᠤᠯᠴᠢᠯᠠᠯ ᠤᠨ ᠬᠥᠲᠥᠴᠢ ᠶᠢᠨ ᠤᠷᠤᠯᠳᠤᠭᠠᠨ᠂ ᠪᠦᠬᠦ ᠬᠤᠲᠠ ᠶᠢᠨ ᠵᠢᠭᠤᠯᠴᠢᠯᠠᠯ ᠤᠨ ᠬᠤᠭᠤᠯᠠᠨ ᠭᠡᠷ ᠤᠨ | ᠦᠢᠯᠡᠴᠢᠯᠡᠭᠡᠨ ᠤ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ ᠥᠷᠨᠢᠭᠦᠯᠵᠦ᠂ | ᠵᠢᠭᠤᠯᠴᠢᠯᠠᠯ ᠤᠨ ᠠᠵᠢᠯ ᠡᠷᠬᠢᠯᠡᠭᠴᠢᠳ ᠤᠨ ᠦᠢᠯᠡᠴᠢᠯᠡᠭᠡᠨ ᠤ ᠲᠤᠰᠬᠠᠶᠢᠵᠢᠯᠲᠠ᠂ ᠪᠠᠷᠢᠮᠵᠢᠶᠠᠵᠢᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠪᠡ᠃ ᠭᠤᠷᠪᠠ ᠳᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠪᠠ᠃ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠵᠢᠯ ᠤᠨ ᠡᠬᠢᠨ ᠤ | ᠲᠥᠰᠥᠪ ᠲᠤ 155 ᠲᠦᠮᠡᠨ ᠲᠥᠭᠦᠷᠢᠭ ᠤᠨ ᠪᠡᠯᠡ ᠮᠥᠩᠭᠦ ᠶᠢ ᠴᠤᠬᠤᠯᠠᠪᠤᠷᠢᠯᠠᠨ ᠵᠥᠪᠰᠢᠶᠡᠷᠡᠪᠡ᠃ ᠰᠣᠶᠣᠯ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ | ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠮᠡᠳᠡᠭᠡ ᠵᠠᠩᠭᠢ ᠶᠢ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ | 12345 ᠢᠯᠡᠴᠢᠯᠡᠨ ᠮᠡᠳᠡᠭᠦᠯᠬᠦ ᠤᠲᠠᠰᠤ ᠶᠢ ᠰᠠᠭᠠᠳ ᠦᠭᠡᠢ ᠨᠡᠪᠲᠡᠷᠡᠭᠦᠯᠵᠦ᠂ ᠬᠠᠮᠤᠭ ᠤᠨ ᠲᠡᠷᠢᠭᠦᠨ ᠳᠤ | ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠵᠢᠭᠤᠯᠴᠢᠯᠠᠭᠴᠢᠳ ᠤᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ᠃ | ᠬᠥᠲᠥᠯᠥᠭᠴᠢ᠄ ᠲᠠᠨᠢᠯᠴᠠᠭᠤᠯᠬᠤ ᠶᠢ ᠰᠣᠨᠣᠰᠤᠭᠠᠳ ᠪᠢᠳᠠ ᠬᠥᠬᠡᠬᠤᠲᠠ ᠶᠢᠨ ᠡᠳ᠋ ᠤᠨ ᠵᠠᠰᠠᠭ ᠠᠴᠠ ᠰᠣᠶᠣᠯ | ᠵᠢᠭᠤᠯᠴᠢᠯᠠᠯ ᠤᠨ ᠬᠥᠭᠵᠢᠯᠲᠡ ᠶᠢ ᠳᠡᠮᠵᠢᠭᠰᠡᠨ ᠠᠤᠭ᠎ᠠ ᠠᠮᠵᠢᠯᠲᠠ ᠶᠢ ᠤᠯᠠᠮ ᠨᠢᠭᠡ ᠠᠯᠬᠤᠮ ᠣᠶᠢᠯᠠᠭᠠᠯ᠎ᠠ᠃ | ᠪᠢᠳᠠᠨ ᠤ ᠮᠡᠳᠡᠬᠦ ᠪᠠᠷ᠂ ᠡᠨᠡ ᠵᠢᠯ ᠤᠨ 5 ᠳ᠋ᠤᠭᠠᠷ ᠰᠠᠷ᠎ᠠ ᠶᠢᠨ 17 ᠤ ᠡᠳᠦᠷ᠂ ᠲᠥᠪ ᠬᠤᠷᠢᠶᠠᠨ ᠠᠴᠠ | ᠪᠡᠭᠡᠵᠢᠩ ᠳᠤ ᠪᠦᠬᠦ ᠤᠯᠤᠰ ᠤᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠢ ᠬᠤᠷᠠᠯᠳᠤᠭᠤᠯᠵᠤ᠂ | ᠶᠡᠷᠦᠩᠬᠡᠢ ᠱᠦᠵᠢ ᠰᠢ ᠶᠢᠨ ᠫᠢᠩ ᠵᠢᠭᠤᠯᠴᠢᠯᠠᠯ ᠤᠨ ᠠᠵᠢᠯ ᠳᠤ ᠴᠢᠬᠤᠯᠠ ᠵᠢᠭᠠᠪᠤᠷᠢ ᠬᠢᠪᠡ᠂ ᠡᠨᠡ ᠲᠠᠯ᠎ᠠ ᠪᠠᠷ | ᠬᠥᠬᠡᠬᠤᠲᠠ ᠶᠢᠨ ᠡᠳ᠋ ᠤᠨ ᠵᠠᠰᠠᠭ ᠠᠴᠠ ᠳᠠᠷᠠᠭᠠᠴᠢ ᠪᠠᠷ ᠶᠠᠮᠠᠷ ᠶᠠᠮᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠰᠢᠨ᠎ᠡ ᠠᠷᠭ᠎ᠠ ᠬᠡᠮᠵᠢᠶ᠎ᠡ ᠠᠪᠬᠤ ᠪᠤᠢ︖ | ᠸᠠᠩ ᠵᠧᠨ ᠵᠢᠶᠠᠩ᠄ ᠡᠩ ᠲᠡᠷᠢᠭᠦᠨ ᠳᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠠᠶᠢᠲᠤᠷ ᠰᠤᠷᠤᠯᠴᠠᠵᠤ᠂ ᠤᠯᠤᠰ ᠤᠨ ᠬᠥᠭᠵᠢᠯᠲᠡ ᠶᠢᠨ | ᠲᠦᠷᠦ ᠶᠢᠨ ᠪᠣᠳᠣᠯᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠤᠨ | ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠮᠠᠨ ᠤ ᠬᠤᠲᠠ ᠶᠢᠨ ᠣᠨᠴᠠᠯᠢᠭᠲᠤ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠭᠠᠷᠳᠠᠬᠤ ᠴᠡᠭ᠂ ᠰᠢᠪᠲᠤᠯᠤᠯᠲᠠ ᠶᠢᠨ ᠴᠡᠭ ᠢ ᠤᠯᠠᠮ ᠨᠢᠭᠡ | ᠠᠯᠬᠤᠮ ᠣᠨᠣᠪᠴᠢᠲᠠᠢ ᠣᠯᠵᠤ᠂ ᠣᠷᠣᠨ ᠤ ᠲᠥᠪ ᠬᠤᠲᠠ ᠶᠢᠨ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ | ᠪᠣᠯᠬᠤ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠬᠠᠷᠠᠭᠤᠯᠵᠤ᠂ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ ᠤᠨ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠡᠵᠡᠮᠳᠡᠨ᠎ᠡ᠃ ᠵᠠᠰᠠᠭ ᠤᠨ ᠣᠷᠳᠣᠨ ᠬᠥᠲᠥᠯᠦᠨ | ᠵᠢᠯᠣᠭᠤᠳᠴᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ︔ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ | ᠣᠨᠴᠠᠯᠢᠭ ᠲᠠᠢ ᠬᠥᠭᠵᠢᠭᠦᠯᠬᠦ︔ ᠲᠥᠷᠥᠯ ᠲᠡᠮᠳᠡᠭ ᠢᠶᠠᠷ ᠬᠥᠲᠥᠯᠦᠨ ᠳᠠᠭᠠᠭᠤᠯᠵᠤ᠂ ᠶᠠᠰᠤ ᠴᠢᠨᠠᠷ ᠢ | ᠳᠡᠭᠡᠭᠰᠢᠯᠡᠭᠦᠯᠬᠦ︔ ᠰᠣᠶᠣᠯ ᠵᠢᠭᠤᠯᠴᠢᠯᠠᠯ ᠢ ᠠᠭᠤᠰᠤᠯᠴᠠᠭᠤᠯᠵᠤ᠂ ᠠᠵᠤ ᠦᠢᠯᠡᠰ ᠢᠶᠠᠷ ᠳᠠᠶᠢᠴᠢᠯᠠᠬᠤ︔ | ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠣᠯᠠᠨ ᠲᠠᠯ᠎ᠠ ᠶᠢᠨ ᠬᠢᠨ ᠣᠷᠣᠯᠴᠠᠬᠤ ᠦᠨᠳᠦᠰᠦᠨ | ᠵᠠᠷᠴᠢᠮ ᠶᠣᠰᠣᠭᠠᠷ᠂ ᠰᠣᠶᠣᠯ ᠢᠶᠠᠷ ᠵᠢᠭᠤᠯᠴᠢᠯᠠᠯ ᠢ ᠳᠠᠶᠢᠴᠢᠯᠠᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠶᠢ | ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ︽ᠤᠮᠠᠷᠠᠲᠤ | ᠬᠢᠯᠢ ᠶᠢᠨ ᠰᠣᠶᠣᠯ︾ ᠤᠨ ᠨᠠᠷᠠᠲᠤ ᠲᠥᠷᠥᠯ ᠲᠡᠮᠳᠡᠭᠲᠦ ᠶᠢ ᠡᠭᠦᠳᠬᠦ ᠪᠠᠷ ᠵᠢᠯᠣᠭᠤᠳᠤᠮᠵᠢ ᠪᠣᠯᠭᠠᠵᠤ᠂ ︽ | ᠦᠵᠡᠰᠬᠦᠯᠡᠩᠲᠦ ᠰᠠᠶᠢᠬᠠᠨ ᠬᠥᠬᠡ ᠬᠤᠲᠠ ᠥᠨᠢᠷ ᠪᠠᠶᠠᠯᠢᠭ ᠲᠠᠯ᠎ᠠ ᠶᠢᠨ ᠬᠤᠲᠠ︾ ᠶᠢᠨ ᠦᠵᠡᠰᠬᠦᠯᠡᠩᠲᠦ ᠰᠠᠶᠢᠬᠠᠨ | ᠦᠵᠡᠮᠵᠢ ᠶᠢᠨ ᠣᠷᠣᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠷᠮᠠᠶᠢᠨ ᠠᠬᠢᠭᠤᠯᠤᠨ᠎ᠠ᠃ ᠪᠥᠬᠦ | ᠬᠤᠲᠠ ᠶᠢᠨ ᠵᠢᠭᠤᠯᠴᠢᠯᠠᠯ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ᠃ ᠳᠠᠷᠠᠭᠠᠯᠠᠪᠠᠯ᠂ ᠶᠡᠷᠦᠩᠬᠡᠢ | ᠱᠦᠵᠢ ᠰᠢ ᠶᠢᠨ ᠫᠢᠩ ᠤᠨ ᠱᠠᠭᠠᠷᠳᠠᠯᠭ᠎ᠠ ᠶᠣᠰᠣᠭᠠᠷ᠂ ᠠᠷᠠᠳ ᠲᠦᠮᠡᠨ ᠢᠶᠠᠷ ᠭᠤᠣᠯ ᠪᠣᠯᠭᠠᠬᠤ | ᠣᠶᠢᠯᠠᠭᠠᠭᠳᠠᠬᠤᠨ ᠢ ᠪᠠᠷᠢᠮᠲᠠᠯᠠᠵᠤ᠂ ᠵᠠᠰᠠᠭ ᠤᠨ ᠣᠷᠳᠣᠨ ᠪᠣᠯᠣᠨ ᠵᠠᠬ᠎ᠠ ᠳᠡᠯᠭᠡᠭᠦᠷ᠂ ᠬᠠᠩᠭᠠᠯᠭ᠎ᠠ ᠪᠣᠯᠣᠨ | ᠬᠡᠷᠡᠭᠴᠡᠭᠡ᠂ ᠬᠠᠮᠠᠭᠠᠯᠠᠯᠲᠠ ᠪᠣᠯᠣᠨ ᠨᠡᠭᠡᠭᠡᠨ ᠬᠥᠭᠵᠢᠭᠦᠯᠦᠯᠲᠡ᠂ ᠳᠡᠯᠡᠬᠡᠢ ᠶᠢᠨ ᠪᠣᠯᠣᠨ ᠤᠯᠤᠰ ᠤᠨ | ᠳᠣᠲᠣᠭᠠᠳᠤ ᠶᠢᠨ᠂ ᠬᠥᠭᠵᠢᠯᠲᠡ ᠪᠣᠯᠣᠨ ᠠᠮᠤᠷ ᠲᠦᠪᠰᠢᠨ ᠤ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ | ᠣᠯᠠᠨ ᠲᠦᠮᠡᠨ ᠤ ᠵᠢᠭᠤᠯᠴᠢᠯᠠᠯ ᠤᠨ ᠬᠥᠭᠵᠢᠯᠲᠡ ᠶᠢᠨ ᠬᠠᠨᠳᠤᠰᠢ ᠶᠢ ᠭᠦᠢᠴᠡᠳ ᠡᠵᠡᠮᠳᠡᠵᠦ᠂ ᠨᠡᠩ ᠣᠯᠠᠨ | ᠵᠢᠭᠤᠯᠴᠢᠯᠠᠯ +᠂ + ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠵᠤ᠂ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ | ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠵᠢᠭᠤᠯᠴᠢᠯᠠᠯ ᠤᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ | ᠰᠢᠨ᠎ᠡ ᠬᠥᠳᠡᠯᠭᠡᠭᠦ ᠬᠦᠴᠦᠨ ᠢ ᠪᠤᠶᠢᠵᠢᠭᠤᠯᠵᠤ᠂ ᠠᠷᠠᠳ ᠣᠯᠠᠨ ᠤ ᠴᠢᠨᠠᠷ ᠰᠠᠶᠢᠲᠠᠢ ᠰᠣᠶᠣᠯ ᠪᠠ ᠵᠢᠭᠤᠯᠴᠢᠯᠠᠯ ᠤᠨ | ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ᠂ ᠣᠷᠣᠨ ᠤ ᠲᠥᠪ ᠬᠤᠲᠠ ᠶᠢᠨ ᠵᠢᠭᠤᠯᠴᠢᠯᠠᠯ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠡᠨᠡ ᠵᠢᠯ ᠤᠨ ᠳᠣᠣᠷ᠎ᠠ ᠬᠠᠭᠠᠰ ᠵᠢᠯ ᠳᠤ᠂ ᠪᠢᠳᠡ | ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ | ᠨᠢᠭᠡ ᠳᠤ᠂ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶ᠎ᠠ ᠲᠠᠢ ᠢᠳᠡᠪᠬᠢᠲᠡᠢ ᠬᠠᠮᠵᠢᠯᠴᠠᠵᠤ᠂ | ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠠᠶᠢᠲᠤᠷ ᠠᠳᠬᠤᠨ᠎ᠠ᠂ ᠭᠤᠣᠯᠳᠠᠭᠤ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠪᠠᠷ ᠭᠤᠣᠯ | ᠰᠢᠵᠢᠮ ᠪᠣᠯᠭᠠᠵᠤ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠠᠷᠢᠶᠠᠯᠠᠩ᠂ ᠬᠤᠳᠠᠯᠳᠤᠭᠠᠨ ᠤ | ᠠᠭᠤᠰᠤᠯᠴᠠᠯ ᠢᠶᠠᠷ ᠭᠠᠷᠳᠠᠴᠠ ᠪᠣᠯᠭᠠᠵᠤ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ | ᠪᠠᠶᠠᠯᠢᠭᠵᠢᠭᠤᠯᠵᠤ᠂ ᠬᠤᠳᠠ ᠶᠢ ᠨᠡᠩ ᠠᠮᠢᠵᠢᠷᠠᠯ ᠬᠥᠭᠵᠢᠶᠡᠨᠲᠡᠢ ᠪᠣᠯᠭᠠᠨ᠎ᠠ᠃ ᠨᠢᠭᠡ ᠲᠠᠯ᠎ᠠ ᠪᠠᠷ᠂ ᠪᠣᠭᠤᠮᠲᠠ ᠶᠢᠨ | ᠬᠠᠭᠤᠴᠢᠨ ᠵᠡᠭᠡᠯᠢ᠂ ᠥᠷᠭᠡᠨ ᠭᠤᠳᠤᠮᠵᠢ ᠵᠡᠷᠭᠡ ᠰᠡᠯᠡᠭᠦᠴᠡᠯ ᠤᠨ ᠵᠡᠭᠡᠯᠢ ᠲᠣᠭᠤᠷᠢᠭ ᠢ ᠦᠷᠭᠦᠯᠵᠢᠯᠡᠨ ᠪᠠᠶᠢᠭᠤᠯᠵᠤ᠂ | ᠡᠯ᠎ᠡ ᠵᠦᠢᠯ ᠤᠨ ᠣᠷᠣᠨ ᠨᠤᠲᠤᠭ ᠤᠨ ᠣᠨᠴᠠᠯᠢᠭ ᠲᠠᠢ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠪᠠᠶᠠᠷ | ᠳᠤᠷᠠᠰᠬᠠᠯ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠵᠣᠬᠢᠶᠠᠨ ᠪᠠᠶᠢᠭᠤᠯᠤᠨ᠎ᠠ᠃ ᠨᠥᠭᠦᠭᠡ ᠲᠠᠯ᠎ᠠ ᠪᠠᠷ | ᠣᠷᠣᠨ ᠤ ᠲᠥᠪ ᠬᠤᠲᠠ ᠶᠢᠨ ᠲᠡᠦᠬᠡ ᠰᠣᠶᠣᠯ ᠪᠠ ᠰᠣᠶᠣᠯ ᠢᠷᠭᠡᠨᠰᠢᠯ ᠤᠨ ᠡᠬᠢ ᠪᠠᠶᠠᠯᠢᠭ ᠢ ᠭᠦᠢᠴᠡᠳ | ᠠᠭᠤᠳᠠᠯᠵᠤ᠂ ᠬᠤᠪᠢᠰᠬᠠᠯ ᠤᠨ ᠰᠣᠶᠣᠯ᠂ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ ᠵᠡᠷᠭᠡ ᠶᠢ | ᠠᠭᠤᠰᠤᠯᠴᠠᠭᠤᠯᠤᠨ᠂ ︽ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭ︾ ᠢ ᠡᠭᠦᠳᠬᠦ ᠲᠠᠯ᠎ᠠ ᠪᠠᠷ ᠵᠢᠱᠢᠶ᠎ᠡ | ᠦᠵᠡᠭᠦᠯᠦᠨ᠎ᠡ᠃ ᠡᠭᠦᠨ ᠠᠴᠠ ᠭᠠᠳᠠᠨ᠎ᠠ᠂ ᠪᠢᠳᠡ ᠤᠮᠠᠷᠠᠲᠤ ᠬᠡᠰᠡᠭ ᠤᠨ ᠴᠡᠯᠡᠭᠡᠷ ᠲᠠᠯ᠎ᠠ ᠶᠢᠨ ᠦᠵᠡᠮᠵᠢ ᠶᠢᠨ | ᠰᠣᠶᠣᠯ ᠵᠢᠭᠤᠯᠴᠢᠯᠠᠯ ᠤᠨ ᠪᠦᠰᠡ ᠵᠡᠷᠭᠡ ᠳᠤ ᠲᠦᠰᠢᠭᠯᠡᠨ᠂ ︽2 + 2 + 6︾ A ᠲᠠᠰ ᠤᠨ ᠦᠵᠡᠮᠵᠢ ᠶᠢᠨ | ᠣᠷᠣᠨ ᠢ ᠰᠢᠨ᠎ᠡ ᠨᠡᠮᠡᠬᠦ ᠲᠥᠯᠥᠪᠯᠡᠭᠡ ᠶᠢ ᠬᠡᠷᠡᠭᠵᠢᠭᠦᠯᠦᠨ᠎ᠡ᠃ ᠵᠢᠭᠤᠯᠴᠢᠯᠠᠯ ᠤᠨ ︽ᠳᠥᠷᠪᠡᠨ ᠭᠠᠵᠠᠷ︾ ᠤᠨ | ᠪᠦᠲᠦᠭᠡᠨ ᠪᠠᠶᠢᠭᠤᠯᠤᠯᠲᠠ ᠪᠣᠯᠣᠨ ︽ᠳᠥᠷᠪᠡᠨ ᠤᠯᠠᠷᠢᠯ︾ ᠤᠨ ᠰᠣᠶᠣᠯ ᠵᠢᠭᠤᠯᠴᠢᠯᠠᠯ ᠤᠨ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠣᠷᠣᠨ ᠤ ᠲᠥᠪ ᠬᠤᠲᠠ ᠶᠢᠨ ᠠᠷᠠᠳ ᠢᠷᠭᠡᠳ ᠪᠣᠯᠣᠨ ᠡᠯ᠎ᠡ | ᠭᠠᠵᠠᠷ ᠤᠨ ᠵᠢᠭᠤᠯᠴᠢᠯᠠᠭᠴᠢᠳ ᠲᠤ ᠠᠯᠢ ᠤᠯᠠᠷᠢᠯ ᠭᠡᠳ ᠴᠥᠮ ᠠᠳᠠᠯᠢ ᠪᠤᠰᠤ ᠰᠣᠶᠣᠯ ᠵᠢᠭᠤᠯᠴᠢᠯᠠᠯ ᠤᠨ | ᠲᠥᠷᠥᠭᠳᠡᠯ ᠣᠯᠭᠤᠨ᠎ᠠ᠃ ᠬᠤᠶᠠᠷ ᠲᠤ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠤᠲᠠ ᠶᠢᠨ | ᠡᠳ᠋ ᠤᠨ ᠵᠠᠰᠠᠭ ᠵᠠᠷᠤᠯᠭ᠎ᠠ ᠶᠢᠨ ᠪᠦᠲᠦᠴᠡ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠳ᠋ ᠤᠨ ᠵᠠᠰᠠᠭ ᠤᠨ | ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠡᠯᠡ ᠮᠥᠩᠭᠦ ᠶᠢᠨ ᠬᠠᠮᠢᠶᠠᠷᠤᠯᠲᠠ ᠪᠠᠨ ᠴᠢᠩᠭᠠᠳᠬᠠᠵᠤ᠂ | ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠣᠶᠣᠯ | ᠵᠢᠭᠤᠯᠴᠢᠯᠠᠯ ᠤᠨ ᠠᠵᠤ ᠠᠬᠤᠢ ᠶᠢᠨ ᠨᠡᠮᠡᠭᠳᠡᠯ ᠢ ᠠᠬᠢᠭᠤᠯᠵᠤ᠂ ︽ᠰᠣᠶᠣᠯ ᠢᠶᠠᠷ ᠬᠤᠲᠠ ᠪᠠᠨ ᠮᠠᠨᠳᠤᠭᠤᠯᠬᠤ︾ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠢᠨ᠎ᠡ ᠥᠨᠳᠦᠷᠯᠢᠭ ᠲᠡᠰᠢ ᠠᠬᠢᠭᠤᠯᠤᠨ᠎ᠠ᠃ | ᠬᠥᠲᠥᠯᠥᠭᠴᠢ᠄ ᠡᠨᠡ ᠡᠳᠦᠷ ᠤᠨ ︽ᠰᠤᠷᠪᠤᠯᠵᠢᠯᠠᠭ᠎ᠠ︾ ᠨᠡᠪᠲᠡᠷᠡᠭᠦᠯᠭᠡ ᠲᠠᠨᠠᠷ ᠲᠠᠢ ᠪᠠᠶᠠᠷᠲᠠᠢ ᠭᠡᠵᠦ ᠬᠡᠯᠡᠬᠦ | ᠴᠠᠭ ᠪᠣᠯᠣᠯ᠎ᠠ᠂ ᠠᠳᠡ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠲᠡᠰ ᠤᠨ | ᠪᠠᠶᠢᠴᠠᠭᠠᠨ ᠰᠤᠳᠤᠯᠤᠭᠴᠢ ᠸᠠᠩ ᠵᠧᠨ ᠵᠢᠶᠠᠩ᠂ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠰᠠᠯᠠᠭᠠᠨ ᠤ ᠳᠡᠳ᠋ | ᠰᠠᠯᠠᠭᠠᠨ ᠳᠠᠷᠤᠭ᠎ᠠ ᠵᠤ᠋ ᠵᠢᠶᠧ ᠮᠠᠨ ᠤ ᠰᠢᠭᠤᠳ ᠨᠡᠪᠲᠡᠷᠡᠭᠦᠯᠭᠡ ᠶᠢᠨ ᠥᠷᠥᠭᠡᠨ ᠳᠤ ᠰᠠᠭᠠᠲᠠᠵᠤ᠂ ︽ᠡᠳ᠋ ᠤᠨ | ᠵᠠᠰᠠᠭ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠵᠤ ᠣᠷᠣᠨ ᠤ ᠲᠥᠪ | ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠠᠬᠤᠢ ᠶᠢᠨ ᠬᠥᠭᠵᠢᠯᠲᠡ ᠳᠤ ᠡᠨᠧᠷᠭᠢ ᠣᠯᠭᠤᠶᠠ︾ ᠰᠡᠳᠦᠪ ᠢᠶᠠᠷ | ᠰᠣᠨᠣᠰᠤᠭᠴᠢᠳ ᠲᠤ ᠲᠠᠶᠢᠯᠤᠮᠵᠢ ᠬᠢᠭᠰᠡᠨ ᠳᠤ ᠲᠠᠯᠠᠷᠬᠠᠵᠤ ᠪᠠᠶᠢᠭ᠎ᠠ ᠪᠠᠨ ᠢᠯᠡᠳᠬᠡᠶ᠎ᠡ᠃ ᠲᠠ ᠣᠯᠠᠨ ᠳᠤ | ᠲᠠᠯᠠᠷᠬᠠᠶ᠎ᠠ᠂ ᠲᠠ ᠣᠯᠠᠨ ᠤ ᠠᠵᠢᠯ ᠦᠢᠯᠡᠰ ᠲᠡᠭᠡᠨ ᠠᠮᠵᠢᠯᠲᠠ ᠲᠠᠢ ᠶᠠᠪᠤᠬᠤ ᠶᠢ ᠬᠦᠰᠡᠨ ᠢᠷᠦᠭᠡᠶ᠎ᠡ᠂ ᠪᠠᠶᠠᠷᠲᠠᠢ︕ | | ᠬᠠᠮᠢᠶᠠᠷᠤᠭᠴᠢ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠲᠡᠰ ᠤᠨ ᠪᠠᠶᠢᠴᠠᠭᠠᠨ | ᠰᠤᠳᠤᠯᠤᠭᠴᠢ ᠸᠠᠩ ᠵᠧᠨ ᠵᠢᠶᠠᠩ᠂ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠰᠠᠯᠠᠭᠠᠨ ᠤ ᠳᠡᠳ᠋ ᠰᠠᠯᠠᠭᠠᠨ | ᠳᠠᠷᠤᠭ᠎ᠠ ᠵᠤ᠋ ᠵᠢᠶᠧ ᠳᠤ ᠲᠠᠯᠠᠷᠬᠠᠯ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠢ ᠣᠷᠣᠯᠴᠠᠭᠰᠠᠨ ᠳᠤ ᠲᠠᠯᠠᠷᠬᠠᠯ᠎ᠠ | ᠃ ᠡᠨᠡ ᠤᠳᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠯ᠎ᠡ᠃ | |