9 ᠰᠠᠷ᠎ᠠ ᠶᠢᠨ 18 ᠤ ᠡᠳᠦᠷ ᠪᠣᠯ ᠳᠤᠮᠲᠠᠲᠤ ᠶᠢᠨ ᠬᠦᠮᠦᠰ ᠤᠨ ᠪᠠᠲᠤ ᠴᠡᠭᠡᠵᠢᠯᠡᠬᠦ ᠶᠣᠰᠣᠲᠠᠶ ᠡᠳᠦᠷ ᠮᠥᠨ᠂ | ᠲᠡᠦᠬᠡ ᠪᠠᠨ ᠪᠠᠲᠤ ᠴᠡᠭᠡᠵᠢᠯᠡᠵᠦ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ ᠶᠢᠨ ᠲᠥᠯᠥᠭᠡ᠂ | ᠤᠯᠤᠰ ᠤᠨ ᠢᠴᠢᠭᠦᠷᠢ ᠪᠠᠨ ᠮᠠᠷᠲᠠᠵᠤ ᠪᠣᠯᠬᠤ ᠥᠬᠡᠶ᠂ ᠳᠤᠮᠳᠠᠳᠤ ᠪᠠᠨ ᠬᠥᠭᠵᠢᠭᠦᠯᠦᠨ ᠮᠠᠨᠳᠤᠭᠤᠯᠵᠤ᠂ ᠪᠥᠬᠦ | ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠲᠡᠦᠬᠡᠲᠦ ᠬᠠᠷᠢᠭᠤᠴᠠᠯᠭᠠᠲᠤ ᠰᠡᠳᠬᠢᠯᠭᠡ᠂ | ᠤᠯᠤᠰ ᠢᠶᠠᠨ ᠬᠠᠶᠢᠷᠠᠯᠠᠬᠤ ᠦᠵᠡᠯ ᠤᠨ ᠬᠠᠶᠢᠷ᠎ᠠ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ | ᠲᠥᠯᠥᠭᠡ᠂ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ᠨᠢ ᠪᠥᠬᠦ ᠬᠤᠰᠢᠭᠤᠨ ᠤ | ᠬᠡᠪᠴᠢᠶᠡᠨ ᠳᠤ 9.18 ᠰᠡᠷᠡᠮᠵᠢ ᠶᠢᠨ ᠳᠣᠬᠢᠶ᠎ᠠ ᠳᠤᠤᠭᠠᠷᠭᠠᠵᠤ ᠳᠤᠷᠠᠰᠬᠠᠬᠤ ᠠᠵᠢᠯᠯᠠᠭ᠎ᠠ ᠥᠷᠨᠢᠭᠦᠯᠵᠦ᠂ | ᠬᠥᠮᠦᠰ ᠤᠨ ᠲᠡᠷᠡ ᠬᠦ ᠬᠦᠴᠢᠷ ᠵᠣᠪᠠᠯᠠᠩᠲᠤ ᠲᠡᠤᠬᠡ ᠶᠢ ᠪᠠᠲᠤ ᠴᠡᠭᠡᠵᠢᠯᠡᠵᠦ᠂ ᠶᠠᠫᠣᠨ ᠤ ᠡᠵᠡᠷᠬᠡᠭ | ᠲᠦᠷᠢᠮᠡᠬᠡᠶᠢᠲᠡᠨ ᠤ ᠲᠦᠷᠢᠮᠡᠭᠡᠶᠢᠯᠡᠭᠰᠡᠨᠲ᠋ᠡᠤᠬᠡ ᠶᠢᠨ ᠪᠤᠳᠠᠳᠤ ᠤᠴᠢᠷ ᠢ ᠪᠠᠲᠤ ᠴᠡᠭᠡᠵᠢᠯᠡᠵᠦ᠂ 9.18 ᠬᠡᠷᠡᠭ | ᠬᠤᠪᠢᠰᠤᠯ ᠠᠴᠠ ᠪᠥᠬᠦ ᠤᠯᠤᠰ ᠤᠨ ᠠᠷᠠᠳ ᠲᠦᠮᠡᠨ ᠤ ᠬᠢᠯᠢᠩ ᠬᠤᠷᠣᠰᠣᠯ ᠢ ᠡᠭᠦᠰᠭᠡᠭᠰᠡᠨ ᠲᠡᠦᠬᠡᠨ | ᠥᠩᠭᠡᠷᠡᠯᠲᠡ ᠶᠢ ᠪᠠᠲᠤ ᠴᠡᠭᠡᠵᠢᠯᠡᠬᠦ ᠪᠠᠷ ᠪᠠᠶᠢᠨ᠎ᠠ᠃ 9 ᠰᠠᠷ᠎ᠠ ᠶᠢᠨ 18 ᠤ ᠡᠳᠦᠷ ᠤᠨ ᠰᠡᠷᠡᠮᠵᠢ ᠶᠢᠨ ᠳᠣᠬᠢᠶ᠎ᠠ ᠶᠢ | ᠬᠡᠪ ᠢᠶᠠᠷ ᠳᠤᠤᠭᠠᠷᠭᠠᠬᠤ ᠶᠢ ᠪᠠᠲᠤᠯᠠᠬᠤ ᠶᠢᠨ ᠲᠥᠯᠥᠭᠡ᠂ 2024 ᠣᠨ ᠤ 9 ᠰᠠᠷ᠎ᠠ ᠶᠢᠨ 2 ᠤᠨ ᠡᠳᠦᠷ᠂ | ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ᠤᠨ ᠠᠵᠢᠯᠲᠠᠳ ᠥᠪᠥᠷ ᠮᠣᠩᠭᠤᠯ ᠤᠨ | ᠶᠦᠩ ᠶᠧ ᠨᠥᠩ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠪᠣᠯᠤᠨ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠳᠣᠲᠣᠷ᠎ᠠ ᠪᠠᠶᠢᠭᠤᠯᠤᠭᠰᠠᠨ | ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶᠠᠨ ᠤ ᠲᠥᠬᠦᠭᠡᠷᠦᠮᠵᠢ ᠶᠢ ᠬᠠᠮᠠᠭᠠᠯᠠᠵᠤ ᠲᠣᠬᠢᠷᠠᠭᠤᠯᠤᠨ | ᠲᠤᠷᠰᠢᠪᠠ᠃ | ᠲᠦᠮᠡᠳ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ᠤᠨ ᠠᠵᠢᠯᠲᠠᠳ ᠮᠢᠩ ᠶᠤᠸᠠᠢ ᠸᠠᠨ ᠤ ᠨᠢᠭᠡᠳᠦᠭᠡᠷ ᠬᠤᠭᠤᠴᠠᠭᠠᠨ ᠤ | ᠲᠥᠷᠥᠯ ᠵᠦᠢᠯ ᠤᠨ ᠬᠠᠷᠢᠭᠤᠴᠠᠯᠭᠠᠲᠠᠨ ᠲᠠᠢ ᠵᠣᠯᠭᠠᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠥᠷᠥᠯ | ᠵᠦᠢᠯ ᠢ ᠰᠢᠯᠭᠠᠨ ᠠᠪᠤᠭᠰᠠᠨ ᠪᠠᠶᠢᠳᠠᠯ ᠤᠨ ᠲᠤᠬᠠᠶ ᠵᠥᠪᠳᠡᠯᠴᠡᠪᠡ᠃ |