ᠵᠢᠯ ᠤᠨ ᠡᠬᠢᠨ ᠠᠴᠠ ᠨᠠᠭᠠᠰᠢ᠂ ᠭᠦᠭᠡᠬᠤᠲᠠ ᠶᠢᠨ ᠮᠦᠽᠧᠢ ᠶᠢᠨ ᠬᠢᠨ ᠪᠡᠭᠡᠵᠢᠩ ᠤᠨ ᠬᠠᠭᠠᠨ ᠤ ᠣᠷᠳᠣᠨ ᠤ | ᠮᠦᠽᠧᠢ᠂ ᠰᠠᠨ ᠰᠢᠩ ᠳ᠋ᠦᠢ ᠮᠦᠽᠧᠢ ᠯᠦᠭᠡ ᠬᠠᠮᠲᠤᠷᠠᠯᠴᠠᠭ᠎ᠠ ᠪᠠᠨ ᠴᠢᠩᠭᠠᠳᠬᠠᠨ᠂ ︽ᠱᠣ᠋ ᠶᠢᠨ ᠰᠣᠶᠣᠯ ᠤᠨ | ᠣᠨᠴᠠᠭᠠᠢ ᠦᠵᠡᠭᠦᠯᠭᠡ︾᠂ ︽ᠬᠠᠭᠠᠨ ᠤ ᠣᠷᠳᠣᠨ ᠤ ᠮᠦᠽᠧᠢ ᠳᠠᠬᠢ ᠣᠷᠳᠣᠨ ᠤ ᠬᠠᠰ ᠡᠳ᠋ᠯᠡᠯ ᠤᠨ ᠦᠵᠡᠭᠦᠯᠭᠡ︾ | ᠵᠡᠷᠭᠡ ᠨᠢᠭᠡ ᠪᠦᠯᠦᠭ ᠰᠣᠶᠣᠯ ᠤᠨ ᠦᠵᠡᠰᠭᠦᠯᠡᠩ ᠢ ᠡᠷᠭᠢᠯᠡᠨ ᠶᠠᠪᠤᠭᠳᠠᠭᠤᠯᠵᠤ᠂ 261 ᠲᠦᠮᠡᠨ ᠵᠢᠭᠤᠯᠴᠢᠯᠠᠭᠴᠢ | ︵ᠤᠳᠠᠭ᠎ᠠ︶ ᠶᠢ ᠭᠥᠯᠢᠶᠡᠨ ᠠᠪᠴᠠᠢ᠃ ᠭᠦᠭᠡᠬᠤᠳᠠ ᠮᠦᠽᠧᠢ ᠶᠢᠨ ᠬᠤᠲᠠ ᠶᠢ ᠴᠣᠭᠴᠠᠯᠠᠨ ᠪᠠᠶᠢᠭᠤᠯᠬᠤ ᠶᠢᠨ | ᠲᠥᠯᠥᠭᠡ ᠭᠦᠭᠡᠬᠤᠲᠠ ᠶᠢᠨ ᠮᠦᠽᠧᠢ ᠶᠢ ᠣᠯᠠᠨ ᠤᠯᠤᠰ ᠤᠨ ᠮᠦᠽᠧᠢ ᠶᠢᠨ ᠨᠡᠶᠢᠭᠡᠮᠯᠢᠭ ᠲᠤ ᠣᠷᠣᠭᠤᠯᠬᠤ ᠶᠢᠨ | ᠬᠠᠮᠲᠤ ᠭᠦᠭᠡᠬᠤᠲᠠ ᠶᠢᠨ ᠮᠦᠽᠧᠢ ᠶᠢᠨ ᠬᠦᠷᠢᠶᠡᠯᠡᠩ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠢ᠂ ᠢᠯᠢ | ᠲᠠᠯ᠎ᠠ ᠨᠤᠲᠤᠭ ᠤᠨ ᠰᠦ ᠶᠢᠨ ᠰᠣᠶᠣᠯ ᠤᠨ ᠮᠦᠽᠧᠢ ᠵᠡᠷᠭᠡ 3 ᠤᠯᠤᠰ ᠤᠨ ᠨᠢᠭᠡᠳᠦᠭᠡᠷ ᠳᠡᠰ ᠤᠨ ᠮᠦᠽᠧᠢ ᠶᠢ | ᠪᠠᠶᠢᠭᠤᠯᠵᠤ᠂ ᠳ᠋ᠠ ᠱᠧᠩ ᠺᠦᠢ ᠶᠢᠨ ᠰᠣᠶᠣᠯ ᠤᠨ ᠮᠦᠽᠧᠢ ᠶᠢ ᠨᠡᠭᠡᠭᠡᠪᠡ᠃ ᠪᠠᠰᠠ ᠠᠷᠪᠠᠳᠤᠭᠠᠷ ᠬᠤᠭᠤᠴᠠᠭᠠᠨ ᠤ | ︽ᠮᠦᠽᠧᠢ ᠶᠢᠨ ᠦᠵᠡᠰᠭᠦᠯᠡᠩ ᠤᠨ ᠴᠤᠭᠯᠠᠭᠠᠨ︾ ᠢ ᠡᠷᠭᠢᠯᠡᠵᠦ᠂ ︽ᠪᠠᠶᠠᠷ ᠪᠠᠶᠠᠰᠤᠯᠲᠠᠢ ᠰᠢᠨᠡᠯᠡᠵᠦ ᠴᠠᠭᠠᠨ | ᠰᠠᠷ᠎ᠠ ᠶᠢ ᠤᠭᠲᠤᠬᠤ︾᠂ ︽5 · 18 ᠤᠯᠠᠨ ᠤᠯᠤᠰ ᠤᠨ ᠮᠦᠽᠧᠢ ᠶᠢᠨ ᠡᠳᠦᠷ︾ ᠵᠡᠷᠭᠡ 100 ᠭᠠᠷᠤᠢ | ᠤᠳᠠᠭᠠᠨ ᠤ ᠰᠣᠶᠣᠯ ᠤᠨ ᠦᠵᠡᠰᠭᠦᠯᠡᠩ ᠢ ᠡᠷᠭᠢᠯᠡᠪᠡ᠃ ᠡᠨᠡ ᠵᠤᠨ ᠤ ᠴᠢᠯᠦᠭᠡᠨ ᠳᠤ ᠮᠦᠽᠧᠢ ᠳᠤ ᠬᠦᠷᠴᠦ ᠡᠷᠲᠡᠨ | ᠡᠳᠦᠭᠡᠬᠢ ᠶᠢ ᠲᠣᠭᠤᠷᠢᠨ ᠦᠵᠡᠬᠦ ᠨᠢ ᠬᠥᠮᠥᠰ ᠤᠨ ᠨᠢᠭᠡ ᠵᠦᠢᠯ ᠤᠨ ᠰᠢᠨ᠎ᠡ ᠬᠡᠪ ᠰᠤᠷᠲᠠᠯ ᠪᠣᠯᠪᠠ᠃ | ᠭᠦᠭᠡᠬᠤᠲᠠ ᠶᠢᠨ ᠡᠯ᠎ᠡ ᠶᠡᠭᠡ ᠣᠷᠳᠣᠨ ᠮᠦᠽᠧᠢ ᠨᠢ ᠥᠪᠡᠷᠮᠢᠴᠡ ᠣᠨᠴᠠᠯᠢᠭ ᠲᠠᠢ ᠠᠵᠢᠯᠯᠠᠭ᠎ᠠ ᠥᠷᠨᠢᠭᠦᠯᠵᠦ᠂ | ᠦᠵᠡᠭᠴᠢᠳ ᠲᠤ ᠰᠢᠨ᠎ᠡ ᠰᠡᠪᠡᠭᠦᠨ ᠦᠵᠡᠭᠦᠯᠭᠡ ᠶᠢ ᠰᠣᠨᠢᠷᠬᠠᠭᠤᠯᠤᠨ᠂ ᠨᠢᠭᠡ ᠡᠳᠦᠷ ᠤᠨ ᠲᠣᠭᠤᠷᠢᠨ ᠦᠵᠡᠭᠰᠡᠨ | ᠬᠥᠮᠥᠨ ᠤ ᠲᠤᠭ᠎ᠠ ᠨᠢ ᠤᠳᠠᠭ᠎ᠠ ᠳᠠᠷᠠᠭᠠᠯᠠᠨ ᠲᠡᠮᠳᠡᠭᠯᠡᠯ ᠰᠢᠨᠡᠳᠬᠡᠵᠦ᠂ ᠵᠤᠨ ᠤ ᠴᠢᠯᠦᠭᠡᠨ ᠤ ᠭᠡᠷ ᠪᠦᠯᠢ ᠶᠢᠨ | ᠵᠢᠭᠤᠯᠴᠢᠯᠠᠯ ᠤᠨ ᠲᠡᠷᠢᠭᠦᠨ ᠰᠣᠩᠭᠤᠯᠲᠠ ᠪᠣᠯᠵᠠᠢ᠃ ᠠᠷᠠᠳ ᠣᠯᠠᠨ ᠤ ᠣᠶᠤᠨ ᠤ ᠰᠣᠶᠣᠯ ᠤᠨ ᠣᠯᠠᠨ | ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠨᠠᠩ ᠣᠯᠠᠨ ᠬᠥᠮᠥᠨ ᠢ ᠮᠦᠽᠧᠢ ᠳᠤ ᠣᠷᠣᠭᠤᠯᠬᠤ ᠶᠢᠨ | ᠲᠤᠯᠠᠳᠠ ᠭᠦᠭᠡᠬᠤᠲᠠ ︽ᠵᠣᠣ ᠵᠢᠶᠦ᠋ᠨ ᠠᠷᠤ ᠭᠠᠵᠠᠷ ᠮᠣᠷᠳᠠᠭᠰᠠᠨ ᠵᠠᠮ ᠳᠠᠭᠠᠤ ᠶᠢᠨ ᠰᠣᠳᠣᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠲᠤᠰᠬᠠᠢ ᠰᠡᠳᠦᠪᠲᠦ ᠦᠵᠡᠭᠦᠯᠭᠡ︾᠂ ︽ᠬᠠᠭᠠᠨ ᠤ ᠣᠷᠳᠣᠨ ᠤ ᠮᠦᠽᠧᠢ ᠳᠤ | ᠬᠠᠳᠠᠭᠠᠯᠠᠵᠤ ᠪᠠᠶᠢᠭ᠎ᠠ ᠴᠢᠩ ᠤᠯᠤᠰ ᠤᠨ ᠦᠶ᠎ᠡ ᠶᠢᠨ ᠣᠷᠳᠣᠨ ᠤ ᠬᠠᠰ ᠡᠳ᠋ᠯᠡᠯ ᠤᠨ ᠦᠵᠡᠭᠦᠯᠭᠡ︾ ᠵᠡᠷᠭᠡ | ᠰᠣᠳᠣᠨ ᠵᠦᠢᠯᠡᠰ ᠤᠨ ᠦᠵᠡᠭᠦᠯᠭᠡ ᠶᠢ ᠡᠷᠭᠢᠯᠡᠨ ᠶᠠᠪᠤᠭᠳᠠᠭᠤᠯᠤᠭᠰᠠᠨ ᠪᠠᠶᠢᠨ᠎ᠠ᠃ | |