ᠶᠢᠨ ᠬᠤᠤ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠯᠤᠰ ᠤᠨ ᠪᠠᠶᠠᠷ ᠠᠴᠠ ᠡᠮᠦᠨᠡᠬᠢ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/30
    ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠤᠯᠤᠰ ᠤᠨ ᠪᠠᠶᠠᠷ ᠤᠨ ᠡᠳᠦᠷ ᠠᠴᠠ ᠡᠮᠦᠨᠡᠬᠢ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠦᠨᠡᠨ ᠬᠦ ᠰᠠᠶᠢᠲᠤᠷ ᠬᠢᠵᠦ᠂ ᠬᠦᠨᠳᠦ ᠣᠨᠴᠠ ᠶᠡᠭᠡ ᠭᠠᠯ ᠤᠨ ᠠᠶᠤᠯ ᠤᠨ ᠠᠳᠡᠯ ᠭᠠᠷᠬᠤ ᠶᠢ ᠰᠡᠷᠭᠡᠶᠢᠯᠡᠨ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 9 ᠰᠠᠷ᠎ᠠ ᠶᠢᠨ 27 ᠤ ᠡᠳᠦᠷ᠂ ᠶᠢᠨ ᠬᠤᠤ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠬᠠ ᠱᠦᠵᠢ᠂ ᠶᠠᠩ ᠡᠷᠬᠢᠯᠡᠭᠴᠢ ᠲᠦᠷᠦᠭᠦᠯᠡᠵᠦ᠂ ᠬᠤᠲᠠ ᠶᠢᠨ ᠬᠠᠮᠢᠶᠠᠷᠤᠯᠲᠠ ᠶᠢᠨ ᠠᠯᠪᠠᠨ ᠬᠡᠷ ᠤᠨ ᠬᠠᠮᠲᠤᠷᠠᠭᠰᠠᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ ᠬᠠᠮᠢᠶ᠎ᠠ ᠪᠥᠬᠦᠶ ᠠᠵᠢᠯᠲᠠᠨ ᠢ ᠳᠠᠭᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠵᠢᠨᠴᠤᠸᠠᠨ ᠰᠦᠯᠵᠢᠶᠡᠨ ᠤ ᠪᠠᠭᠠᠷ᠂ ᠠᠷᠠᠳ ᠲᠤ ᠲᠥᠬᠦᠮ ᠦᠵᠡᠭᠦᠯᠬᠦ ᠬᠤᠲᠠ ᠶᠢᠨ ᠠᠷᠠᠳ ᠤᠨ ᠵᠠᠬ᠎ᠠ ᠳᠡᠯᠭᠡᠭᠦᠷ ᠪᠠ ᠬᠠᠶᠠᠭᠳᠠᠮᠠᠯ ᠡᠳ᠋ ᠬᠤᠳᠠᠯᠳᠤᠨ ᠠᠪᠬᠤ ᠥᠷᠲᠡᠭᠡ ᠵᠢᠴᠢ ᠵᠢᠵᠢᠭ ᠲᠣᠭᠤᠷᠢᠭ ᠤᠨ ᠳᠣᠲᠣᠷ᠎ᠠ ᠵᠡᠷᠭᠡ ᠳᠤ ᠲᠤᠰᠬᠠᠶ ᠪᠠᠶᠢᠴᠠᠭᠠᠯᠲᠠ ᠪᠠ ᠤᠬᠠᠭᠤᠯᠭ᠎ᠠ ᠬᠥᠮᠦᠵᠢᠯ ᠬᠢᠪᠠ᠃    ᠰᠠᠭᠤᠭᠠᠯᠢ ᠠᠷᠠᠳ ᠤᠨ ᠲᠣᠭᠤᠷᠢᠭ ᠲᠤ ᠪᠠᠶᠢᠴᠠᠭᠠᠯᠲᠠ ᠬᠢᠬᠦ ᠳᠡᠭᠡᠨ᠂ ᠪᠠᠶᠢᠴᠠᠭᠠᠬᠤ ᠳᠤᠭᠤᠶᠢᠯᠠᠩ ᠨᠢ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠪᠠ ᠭᠠᠯ ᠤᠨᠲᠠᠷᠠᠭᠠᠬᠤ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠲᠠᠷᠬᠠᠭᠠᠬᠤ ᠨᠡᠪᠲᠡᠷᠡᠬᠦ ᠵᠠᠮ᠂ ᠠᠮᠤᠷ ᠲᠦᠪᠰᠢᠨ ᠭᠠᠷᠬᠤ ᠡᠭᠦᠳᠡ ᠨᠢ ᠰᠠᠭᠠᠳ ᠥᠬᠡᠶ ᠨᠡᠪᠲᠡᠷᠡᠬᠦ ᠡᠰᠡᠬᠦ᠂ ᠭᠠᠯ ᠬᠡᠷᠡᠭᠯᠡᠬᠦ᠂ ᠴᠠᠬᠢᠯᠭᠠᠨ ᠬᠡᠷᠡᠭᠯᠡᠭᠰᠡᠨ ᠪᠠᠶᠢᠳᠠᠯ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ ᠂ ᠭᠤᠶᠠᠴᠢ ᠥᠬᠡᠶ ᠴᠠᠬᠢᠯᠭᠠᠨ ᠤᠲᠠᠰᠤ ᠲᠠᠲᠠᠵᠤ ᠵᠠᠯᠭᠠᠬᠤ᠂ ᠠᠮᠤᠷ ᠲᠦᠪᠰᠢᠨ ᠤ ᠲᠠᠷᠬᠠᠭᠠᠬᠤ ᠵᠠᠮ᠂ ᠠᠮᠤᠷ ᠲᠦᠪᠰᠢᠨ ᠤ ᠭᠠᠷᠬᠤ ᠡᠭᠦᠳᠡ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠨᠢ ᠪᠦᠷᠢᠨ ᠭᠦᠢᠴᠡᠳ ᠪᠥᠭᠡᠳ ᠪᠦᠲᠦᠮᠵᠢᠲᠡᠶ ᠪᠠᠶᠢᠬᠤ ᠡᠰᠡᠬᠦ᠂ ᠭᠠᠯ ᠤᠨᠲᠠᠷᠠᠭᠠᠬᠤ ᠤᠬᠠᠭᠤᠯᠭ᠎ᠠ ᠪᠠ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠰᠣᠷᠢᠯᠲᠠ ᠬᠢᠭᠰᠡᠨ ᠡᠰᠡᠬᠦ ᠵᠡᠷᠭᠡ ᠠᠭᠤᠯᠭ᠎ᠠ ᠳᠤ ᠪᠠᠶᠢᠴᠠᠭᠠᠯᠲᠠ ᠬᠢᠪᠡ᠃ ᠡᠭᠦᠨ ᠳᠤ ᠤᠲᠠᠰᠤ ᠪᠠᠷ ᠴᠠᠬᠢᠯᠭᠠᠨ ᠴᠡᠨᠡᠭᠯᠡᠬᠦ 2 ᠭᠠᠵᠠᠷ ᠪᠠᠶᠢᠵᠤ᠂ ᠵᠠᠮ ᠤᠨ ᠬᠠᠷᠰᠢ ᠰᠠᠭᠠᠳ ᠢ 1 ᠡᠵᠡᠯᠡᠨ ᠬᠡᠷᠡᠭᠯᠡᠵᠦ᠂ ᠳᠡᠭᠡᠷᠡᠬᠢ ᠠᠰᠠᠭᠤᠳᠠᠯ ᠳᠤ ᠴᠢᠭᠯᠡᠭᠦᠯᠦᠨ ᠪᠠᠶᠢᠴᠠᠭᠠᠬᠤ ᠳᠤᠭᠤᠶᠢᠯᠠᠩ ᠠᠴᠠ ᠲᠡᠭᠦᠨ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠳᠤ ᠤᠲᠠᠰᠤ ᠪᠠᠷ ᠴᠠᠬᠢᠯᠭᠠᠨ ᠴᠡᠨᠡᠭᠯᠡᠬᠦ 1 ᠭᠠᠵᠠᠷ ᠨᠢ ᠲᠣᠭᠲᠠᠭᠰᠠᠨ ᠬᠤᠭᠤᠴᠠᠭᠠᠨ ᠳᠤ ᠭᠤᠷᠪᠠᠨ ᠡᠳᠦᠷ ᠴᠡᠭᠴᠡᠯᠡᠨ ᠰᠠᠶᠢᠵᠢᠷᠠᠭᠤᠯᠵᠤ ᠳᠠᠭᠤᠰᠬᠠᠨ᠎ᠠ᠂ ᠠᠵᠢᠯᠲᠠᠳ ︽ᠡᠷᠬᠢᠨ ᠬᠠᠷᠠᠬᠤ︾ ᠠᠵᠢᠯ ᠬᠢᠵᠦ᠂ ᠪᠠᠶᠠᠷ ᠤᠨ ᠡᠳᠦᠷ ᠠᠴᠠ ᠡᠮᠦᠨ᠎ᠡ ᠴᠡᠭᠴᠡᠯᠡᠨ ᠰᠠᠶᠢᠵᠢᠷᠠᠭᠤᠯᠵᠤ ᠳᠠᠭᠤᠰᠬᠠᠬᠤ ᠶᠢ ᠦᠨᠡᠨ ᠬᠦ ᠪᠠᠲᠤᠯᠠᠨ᠎ᠠ᠃    ᠤᠯᠤᠰ ᠤᠨ ᠵᠠᠮ ᠤᠨ ᠬᠠᠶᠠᠭᠳᠠᠮᠠᠯ ᠡᠳ᠋ ᠬᠤᠳᠠᠯᠳᠤᠨ ᠠᠪᠬᠤ ᠥᠷᠲᠡᠭᠡ ᠳᠤ ᠪᠠᠶᠢᠴᠠᠭᠠᠯᠲᠠ ᠬᠢᠬᠦ ᠳᠡᠭᠡᠨ᠂ ᠠᠮᠤᠷ ᠲᠦᠪᠰᠢᠨ ᠨᠡᠪᠲᠡᠷᠡᠬᠦ ᠵᠠᠮ ᠨᠢ ᠡᠵᠡᠯᠡᠭᠳᠡᠭᠰᠡᠨ᠂ ᠳᠤᠷ᠎ᠠ ᠪᠠᠷ ᠢᠶᠠᠨ ᠴᠠᠬᠢᠯᠭᠠᠨ ᠤᠲᠠᠰᠤ ᠲᠠᠲᠠᠬᠤ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡ᠃ ᠪᠠᠶᠢᠴᠠᠭᠠᠬᠤ ᠳᠤᠭᠤᠶᠢᠯᠠᠩ ᠲᠡᠭᠦᠨ ᠢ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠣᠨᠴᠠᠭᠠᠶᠢᠯᠠᠨ ᠢᠯᠡ ᠭᠠᠯ ᠢ ᠠᠩᠬᠠᠷᠴᠤ᠂ ᠠᠮᠤᠷ ᠲᠦᠪᠰᠢᠨ ᠤ ᠭᠡᠮ ᠰᠣᠭᠤᠭ ᠢ ᠰᠡᠷᠭᠡᠶᠢᠯᠡᠵᠦ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠢ ᠠᠩᠬᠠᠷᠴᠤ᠂ ᠤᠯᠤᠰ ᠤᠨ ᠪᠠᠶᠠᠷ ᠤᠨ ᠬᠤᠭᠤᠴᠠᠭᠠᠨ ᠳᠤ ᠠᠵᠢᠯᠳᠠᠨ ᠤ ᠵᠢᠵᠢᠭᠦᠷ ᠤᠨ ᠲᠤᠬᠢᠷᠠᠭᠤᠯᠤᠯᠳᠠ ᠶᠢ ᠰᠠᠶᠢᠲᠤᠷ ᠬᠢᠬᠦ ᠬᠡᠷᠡᠭᠲᠡᠢ ᠭᠡᠵᠦ ᠰᠠᠨᠠᠭᠤᠯᠪᠠ᠃    ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠠᠮᠤᠷ ᠲᠦᠪᠰᠢᠨ ᠤ ᠳᠠᠯᠳᠠ ᠬᠡᠮ ᠢ ᠢᠯᠡᠷᠡᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠪᠠ ᠡᠯ᠎ᠡ ᠲᠠᠯᠠᠪᠤᠷ ᠭᠠᠵᠠᠷ ᠤᠨ ᠠᠵᠢᠯᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠥᠪᠡᠷ ᠢ ᠪᠠᠨ ᠰᠡᠷᠭᠡᠶᠢᠯᠡᠬᠦ ᠵᠢᠴᠢ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠬᠤᠶᠢᠰᠢᠳᠠ ᠲᠥᠪ ᠠᠴᠠ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠪᠠ ᠬᠤᠲᠠ ᠶᠢᠨ ᠦᠵᠡᠮᠵᠢ ᠶᠢ ᠴᠡᠭᠴᠡᠯᠡᠨ ᠵᠠᠰᠠᠬᠤ ᠠᠵᠢᠯ ᠤᠨ ᠪᠠᠶᠢᠩᠭᠤᠵᠢᠯᠲᠠ ᠶᠢ ᠦᠷᠭᠦᠯᠵᠢᠯᠡᠨ ᠨᠠᠷᠢᠨ ᠬᠢᠨᠠᠮᠠᠭᠠᠶ ᠥᠷᠨᠢᠭᠦᠯᠵᠦ᠂ ᠪᠣᠯᠪᠠᠰᠤᠨ ᠬᠤᠲᠠ ᠶᠢᠨ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ ᠬᠤᠪᠢ ᠨᠡᠮᠡᠷᠢ ᠦᠵᠡᠭᠦᠯᠦᠨ᠎ᠡ ᠭᠡᠪᠡ᠃
 
ᠢᠷᠡᠯᠲᠡ᠄  ᠶᠢᠨ ᠬᠤᠤ ᠣᠷᠣᠨ ᠪᠦᠰᠡ ᠶᠢᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号