ᠶᠢᠨ ᠬᠤᠤ ᠣᠷᠣᠨ ᠪᠦᠰᠡ ᠶᠢᠨ ᠦᠢᠯᠡᠴᠢᠯᠡᠭᠡᠨ ᠤ ᠲᠥᠪ ᠠᠴᠠ ᠬᠠᠷᠢᠶᠠᠲᠤ ᠣᠷᠣᠨ ᠤ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠲᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/4
   9 ᠰᠠᠷ᠎ᠠ ᠶᠢᠨ 3 ᠤ ᠡᠳᠦᠷ᠂ ᠶᠢᠨ ᠬᠤᠤ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠬᠤᠲᠠ ᠶᠢᠨ ᠬᠠᠮᠢᠶᠠᠷᠤᠯᠲᠠ ᠶᠢᠨ ᠠᠯᠪᠠᠨ ᠬᠡᠷ᠂ ᠬᠠᠤᠯᠢ ᠬᠡᠷᠡᠭᠵᠢᠭᠦᠯᠬᠦ ᠠᠩᠭᠢ ᠵᠧᠩ ᠲᠠᠢ ᠨᠡᠶᠢᠭᠡᠮ ᠲᠣᠭᠤᠷᠢᠭ ᠤᠨ ᠠᠵᠢᠯᠲᠠᠨ ᠲᠠᠢ ᠬᠠᠮᠲᠤᠷᠠᠨ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠵᠢᠷᠤᠮᠵᠢᠯ ᠪᠠ ᠭᠠᠯ ᠤᠨᠲᠠᠷᠠᠭᠠᠬᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃    ᠪᠠᠶᠢᠴᠠᠭᠠᠬᠤ ᠠᠵᠢᠯᠲᠠᠳ ᠭᠤᠤᠯᠳᠠᠭᠤ ᠠᠵᠢᠯᠯᠠᠭᠠᠨ ᠤ ᠲᠠᠯᠠᠪᠤᠷ ᠤᠨ ᠭᠠᠯ ᠤᠨᠲᠠᠷᠠᠭᠠᠬᠤ ᠲᠥᠬᠦᠭᠡᠷᠦᠮᠵᠢ ᠶᠢ ᠲᠣᠬᠢᠷᠠᠭᠤᠯᠤᠭᠰᠠᠨ ᠪᠠᠶᠢᠳᠠᠯ ᠳᠤ ᠴᠢᠭᠯᠡᠭᠦᠯᠦᠨ ᠪᠥᠬᠦ ᠲᠠᠯ᠎ᠠ ᠶᠢᠨ ᠪᠠᠶᠢᠴᠠᠭᠠᠯᠲᠠ ᠬᠢᠭᠰᠡᠨ ᠪᠥᠭᠡᠳ ᠠᠮᠤᠷ ᠲᠦᠪᠰᠢᠨ ᠤ ᠭᠠᠷᠬᠤ ᠡᠭᠦᠳᠡ᠂ ᠲᠠᠷᠬᠠᠭᠠᠬᠤ ᠵᠠᠮ᠂ ᠭᠠᠯ ᠤᠨᠲᠠᠷᠠᠭᠠᠬᠤ ᠨᠡᠪᠲᠡᠷᠡᠬᠦ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠭᠰᠠᠨ ᠡᠰᠡᠬᠦ᠂ ᠭᠠᠯ ᠤᠨᠲᠠᠷᠠᠭᠠᠭᠤᠷ ᠨᠢ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠡᠰᠡᠬᠦ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠵᠤ᠂ ᠡᠭᠦᠨ ᠤ ᠬᠠᠮᠲᠤ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠤᠨ ᠡᠷᠬᠢᠨ ᠲᠣᠭᠤᠷᠢᠨ ᠤ ᠬᠤᠳᠠᠯᠳᠤᠭᠠᠨ ᠤ ᠫᠦᠰᠡ ᠶᠢ ᠵᠢᠭᠰᠠᠭᠠᠨ ᠪᠠᠶᠢᠴᠠᠭᠠᠭᠰᠠᠨ ᠪᠥᠭᠡᠳ ᠡᠯ᠎ᠡ ᠬᠤᠳᠠᠯᠳᠤᠭᠠᠨ ᠤ ᠳᠡᠯᠭᠡᠭᠦᠷ ᠤᠨ ᠬᠠᠷᠢᠭᠤᠴᠠᠯᠭᠠᠲᠠᠨ ᠡᠷᠬᠡᠪᠰᠢ ᠲᠣᠭᠲᠠᠭᠰᠠᠨ ᠴᠠᠭ ᠲᠤ ᠠᠮᠤᠷ ᠲᠦᠪᠰᠢᠨ ᠤ ᠥᠪᠡᠰᠦᠪᠡᠨ ᠪᠠᠶᠢᠴᠠᠭᠠᠯᠲᠠ ᠬᠢᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ ᠶᠢ ᠴᠢᠩᠭᠠᠳᠬᠠᠪᠠ᠃    ᠪᠠᠶᠢᠴᠠᠭᠠᠯᠲᠠ ᠶᠢᠨ ᠳᠤᠮᠳᠠ᠂ ᠠᠵᠢᠯᠲᠠᠳ ᠭᠤᠤᠯᠳᠠᠭᠤ ᠠᠷᠠᠳ ᠲᠤ ᠲᠥᠬᠦᠮ ᠦᠵᠡᠭᠦᠯᠬᠦ ᠳᠡᠯᠭᠡᠴᠡ ᠶᠢ ᠵᠢᠷᠤᠮᠵᠢᠭᠤᠯᠪᠠ᠂ ᠡᠭᠦᠨ ᠳᠤ 1 ᠬᠤᠳᠠᠯᠳᠤᠭᠠᠨ ᠤ ᠳᠡᠯᠭᠡᠭᠦᠷ ᠤᠨ ᠭᠠᠯ ᠤᠨᠲᠠᠷᠠᠭᠠᠭᠤᠷ ᠤᠨ ᠱᠣᠰᠢᠭ᠎ᠠ ᠭᠡᠭᠡᠵᠦ᠂ ᠨᠡᠶᠢᠲᠡ 5 ᠳᠡᠯᠭᠡᠭᠦᠷ ᠤᠨ ᠭᠠᠳᠠᠨ᠎ᠠ ᠡᠵᠡᠩᠨᠡᠭᠰᠡᠨ ᠡᠵᠡᠩᠨᠡᠯᠲᠡ ᠶᠢ ᠴᠡᠪᠡᠷᠯᠡᠪᠡ᠃ ᠡᠭᠦᠨ ᠤ ᠬᠠᠮᠲᠤ ᠰᠢᠯ ᠳᠡᠯᠭᠡᠭᠦᠷᠭᠡ ᠶᠢ ᠳᠤᠷ᠎ᠠ ᠪᠠᠷ ᠢᠶᠠᠨ ᠨᠠᠭᠠᠵᠤ ᠳᠤᠷ᠎ᠠ ᠪᠠᠷ ᠢᠶᠠᠨ ᠵᠢᠷᠤᠬᠤ᠂ ᠳᠤᠷ᠎ᠠ ᠪᠠᠷ ᠢᠶᠠᠨ ᠡᠳ᠋ ᠪᠣᠳᠠᠰ ᠣᠪᠣᠭᠠᠯᠠᠬᠤ ᠂ ᠳᠤᠷ᠎ᠠ ᠪᠠᠷ ᠢᠶᠠᠨ ᠡᠯᠭᠦᠬᠦ᠂ ᠤᠬᠠᠭᠤᠯᠭ᠎ᠠ ᠶᠢᠨ ᠪᠣᠷᠣᠯᠠᠭᠤᠯᠭ᠎ᠠ ᠶᠢ ᠠᠬᠢᠭᠤᠯᠬᠤ ᠲᠥᠬᠦᠭᠡᠷᠦᠮᠵᠢ ᠶᠢ ᠲᠠᠯᠪᠢᠬᠤ ᠵᠡᠷᠭᠡ ᠠᠰᠠᠭᠤᠳᠠᠯ ᠢ ᠴᠡᠪᠡᠷᠯᠡᠨ ᠴᠠᠭᠠᠵᠠᠯᠠᠪᠠ᠃ ᠵᠡᠭᠡᠯᠢ ᠳᠠᠭᠠᠤ ᠲᠠᠸᠠᠷ ᠤᠨ ᠪᠣᠷᠣᠯᠠᠭᠤᠯᠭ᠎ᠠ ᠶᠢ ᠠᠬᠢᠭᠤᠯᠬᠤ ᠵᠠᠷ ᠲᠠᠷᠬᠠᠭᠠᠬᠤ ᠠᠵᠢᠯᠯᠠᠭ᠎ᠠ ᠶᠢ ᠬᠤᠷᠢᠭᠯᠠᠨ ᠵᠣᠭᠰᠣᠭᠠᠪᠠ᠃    ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠠᠮᠤᠷ ᠲᠦᠪᠰᠢᠨ ᠤ ᠳᠠᠯᠳᠠ ᠬᠡᠮ ᠢ ᠢᠯᠡᠷᠡᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠪᠠ ᠡᠯ᠎ᠡ ᠲᠠᠯᠠᠪᠤᠷ ᠭᠠᠵᠠᠷ ᠤᠨ ᠠᠵᠢᠯᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠥᠪᠡᠷ ᠢ ᠪᠠᠨ ᠰᠡᠷᠭᠡᠶᠢᠯᠡᠬᠦ ᠵᠢᠴᠢ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠬᠤᠲᠠ ᠶᠢᠨ ᠦᠵᠡᠮᠵᠢ ᠶᠢ ᠵᠢᠷᠤᠮᠵᠢᠭᠤᠯᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠳᠥᠯᠭᠢᠨ ᠠᠬᠢᠭᠤᠯᠵᠤ᠂ ᠬᠤᠶᠢᠰᠢᠳᠠ ᠲᠥᠪ ᠠᠴᠠ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠪᠠ ᠬᠤᠲᠠ ᠶᠢᠨ ᠦᠵᠡᠮᠵᠢ ᠶᠢ ᠴᠡᠭᠴᠡᠯᠡᠨ ᠵᠠᠰᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠨᠠᠷᠢᠨ ᠬᠢᠨᠠᠮᠠᠭᠠᠶ ᠥᠷᠨᠢᠭᠦᠯᠵᠦ᠂ ᠪᠣᠯᠪᠠᠰᠤᠨ ᠬᠤᠲᠠ ᠶᠢᠨ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ ᠬᠤᠪᠢ ᠨᠡᠮᠡᠷᠢ ᠦᠵᠡᠭᠦᠯᠦᠨ᠎ᠡ ᠭᠡᠪᠡ᠃
 
ᠢᠷᠡᠯᠲᠡ᠄  ᠶᠢᠨ ᠬᠤᠤ ᠣᠷᠣᠨ ᠪᠦᠰᠡ ᠶᠢᠨ ᠦᠢᠯᠡᠴᠢᠯᠡᠭᠡᠨ ᠤ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号