ᠲᠦᠮᠡᠳ ᠵᠡᠭᠦᠨ ᠬᠤᠰᠢᠭᠤ ︽ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ︾ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/9/4
    ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠠᠳᠬᠤᠬᠤ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠥᠷᠥ ᠶᠢ ᠡᠷᠬᠢᠮᠯᠡᠬᠦ᠂ ᠵᠠᠰᠠᠯᠲᠠ ᠬᠢᠵᠦ ᠴᠢᠳᠠᠬᠤ᠂ ᠵᠣᠷᠢᠭᠲᠠᠶ ᠪᠠᠷ ᠰᠢᠨ᠎ᠡ ᠶᠢ ᠡᠭᠦᠳᠬᠦ᠂ ᠰᠠᠶᠢᠨ ᠰᠣᠷᠲᠠᠯ ᠲᠠᠢ ᠦᠨᠳᠦᠰᠦᠨ ᠱᠠᠲᠤᠨ ᠤ ᠵᠠᠰᠠᠯᠲᠠ ᠶᠢᠨ ᠡᠩᠨᠡᠭᠡ ᠶᠢ ᠪᠠᠶᠢᠭᠤᠯᠬᠤ ᠶᠢᠨ ᠲᠥᠯᠥᠭᠡ᠂ 9 ᠰᠠᠷ᠎ᠠ ᠶᠢᠨ 3 ᠤ ᠡᠳᠦᠷ᠂ ᠲᠦᠮᠡᠳ ᠵᠡᠭᠦᠨ ᠬᠤᠰᠢᠭᠤ ︽ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ︾ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠪᠡ᠃    ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠨᠢᠭᠡᠳᠦᠭᠡᠷ ᠰᠠᠯᠠᠭᠠᠨ ᠤ ᠳᠠᠷᠤᠭ᠎ᠠ ᠫᠠᠩ ᠹᠧᠩ ᠢ ᠤᠷᠢᠵᠤ ︽︿1+ N﹀ ᠦᠨᠳᠦᠰᠦᠨ ᠱᠠᠲᠤᠨ ᠤ ᠵᠠᠰᠠᠯᠲᠠ ᠶᠢᠨ ᠲᠦᠷᠢᠮ ᠤᠨ ᠰᠢᠰᠲ᠋ᠧᠮ ᠢ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠶ᠎ᠠ︾ ᠭᠡᠬᠦ ᠰᠡᠳᠦᠪ ᠤᠨ ᠲᠣᠭᠤᠷᠢᠨ ᠳᠤ ᠲᠤᠰᠬᠠᠶ ᠰᠡᠳᠦᠪᠲᠦ ᠵᠢᠯᠣᠭᠤᠳᠣᠯᠭ᠎ᠠ ᠬᠢᠯᠭᠡᠵᠦ᠂ ᠬᠠᠪᠰᠤᠷᠤᠨ ᠵᠢᠯᠣᠭᠤᠳᠬᠤ ᠪᠠᠷ ᠳᠠᠮᠵᠢᠭᠤᠯᠤᠨ ᠣᠯᠠᠨ ᠢ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠪᠥᠬᠦ ᠬᠤᠰᠢᠭᠤᠨ ᠤ ᠦᠨᠳᠦᠰᠦᠨ ᠱᠠᠲᠤᠨ ᠤ ᠵᠠᠰᠠᠯᠲᠠ ᠶᠢᠨ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠡᠷᠡᠰ ᠭᠤᠶᠢᠪᠢᠰᠢ ᠥᠬᠡᠶ ᠠᠬᠢᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠦᠨᠡᠨ ᠬᠦ ᠲᠠᠨᠢᠵᠤ᠂ ᠵᠥᠷᠢᠴᠡᠯ ᠵᠢᠭᠤᠷᠠᠯᠳᠤᠭᠠᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠨᠢᠭᠡᠳᠦᠯᠲᠡᠶ ᠲᠥᠯᠥᠪᠯᠡᠨ ᠬᠥᠭᠵᠢᠭᠦᠯᠵᠦ᠂ ᠨᠡᠶᠢᠭᠡᠮ ᠤᠨ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠨ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠵᠥᠷᠢᠴᠡᠯ ᠵᠢᠭᠤᠷᠠᠭᠠᠨ ᠢ ︽ᠶᠡᠬᠡᠪᠡᠷ ᠵᠢᠭᠰᠠᠭᠠᠨ ᠪᠠᠶᠢᠴᠠᠭᠠᠵᠤ᠂ ᠶᠡᠬᠡᠪᠡᠷ ᠨᠠᠮᠳᠠᠭᠤᠯᠬᠤ︾ ᠲᠤᠰᠬᠠᠶ ᠠᠵᠢᠯᠯᠠᠭ᠎ᠠ ᠶᠢ ᠥᠷᠨᠢᠭᠦᠯᠦᠨ᠂ ᠲᠦᠷᠢᠮ ᠤᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠠᠵᠢᠯ ᠦᠢᠯᠡᠰ ᠢ ᠭᠦᠢᠴᠡᠳᠭᠡᠬᠦ ᠳᠤ ᠬᠠᠤᠯᠢ ᠶᠢ ᠵᠢᠷᠤᠮᠯᠠᠵᠤ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠴᠠᠭᠠᠵᠠ ᠶᠢ ᠬᠡᠷᠡᠭᠯᠡᠬᠦ ᠶᠢ ᠳᠥᠯᠭᠢᠨ ᠠᠬᠢᠭᠤᠯᠬᠤ ᠬᠡᠷᠡᠭᠲᠡᠶ᠃ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠣᠭᠤᠷᠢᠨ ᠳᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠥᠯᠭᠢᠨ ᠠᠬᠢᠭᠤᠯᠵᠤ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠨ᠂ ᠣᠯᠠᠨ ᠲᠦᠮᠡᠨ ᠤ ᠵᠦᠶ ᠵᠣᠬᠢᠰᠲᠠᠶ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠣᠷᠣᠯᠠᠨ ᠭᠦᠢᠴᠡᠳᠬᠡᠬᠦ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠂ ᠬᠡᠯᠪᠡᠷᠢ ᠶᠢᠨ ᠦᠵᠡᠯ ᠢ ᠴᠡᠭᠴᠡᠯᠡᠨ ᠵᠠᠰᠠᠬᠤ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠥᠯᠭᠢᠨ ᠠᠬᠢᠭᠤᠯᠵᠤ᠂ ᠦᠨᠳᠦᠰᠦᠨ ᠱᠠᠲᠤᠨ ᠤ ᠺᠠᠳ᠋ᠷᠴᠤᠳ ᠢ ᠭᠤᠤᠯ ᠬᠠᠷᠢᠭᠤᠴᠠᠯᠭ᠎ᠠ ᠭᠤᠤᠯ ᠦᠢᠯᠡᠰ ᠲᠤ ᠪᠤᠴᠠᠭᠠᠬᠤ ᠬᠡᠷᠡᠭᠲᠡᠶ ᠭᠡᠵᠡᠢ᠃    ᠬᠤᠰᠢᠭᠤᠨ ᠤ ᠤᠳᠤᠷᠢᠳᠤᠯᠭ᠎ᠠ ᠯᠢᠦᠶ ᠸᠧᠨ ᠫᠢᠩ᠂ ᠶᠠᠩ ᠰᠢᠶᠤᠤ ᠳ᠋ᠦᠩ᠂ ᠼᠦᠢ ᠶᠠᠨ ᠵᠢᠶᠦ᠋ᠨ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠵᠢᠶᠠ ᠰᠢ ᠵᠥᠩ ᠵᠢᠴᠢ ᠨᠡᠭᠡᠭᠡᠯᠲᠡ ᠶᠢᠨ ᠲᠣᠭᠤᠷᠢᠭ᠂ ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤ᠂ ᠲᠥᠪ᠂ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠦᠮᠡᠳ ᠵᠡᠭᠦᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号