ᠲᠠᠶᠢᠭ᠎ᠠ ᠮᠣᠳᠤ ᠪᠠᠯᠭᠠᠰᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/5
    9 ᠰᠠᠷ᠎ᠠ ᠶᠢᠨ 4 ᠤ ᠡᠳᠦᠷ᠂ ᠲᠠᠶᠢᠭ᠎ᠠ ᠮᠣᠳᠤ ᠪᠠᠯᠭᠠᠰᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠵᠧᠦ ᠨᠠᠨ ᠡᠷᠬᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠡᠭᠦᠷ ᠤᠨ ᠱᠦᠵᠢ ᠵᠢᠴᠢ ᠪᠠᠯᠭᠠᠰᠤ ᠲᠣᠰᠬᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠶᠢᠷ᠎ᠠ ᠶᠢᠨ ᠬᠤᠭᠤᠴᠠᠭᠠᠨ ᠤ ᠪᠥᠬᠦ ᠪᠠᠯᠭᠠᠰᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠬᠠᠷᠢᠭᠤᠴᠠᠯᠭᠠᠲᠠᠨ ᠢ ᠠᠯᠢ ᠲᠦᠷᠭᠡᠨ ᠢᠶᠠᠷ ᠳᠤᠲᠠᠭᠳᠠᠯ ᠢᠶᠠᠨ ᠪᠠᠶᠢᠴᠠᠭᠠᠨ ᠨᠥᠬᠦᠪᠥᠷᠢᠯᠡᠵᠦ᠂ ᠳᠤᠲᠠᠭᠳᠠᠯ ᠢᠶᠠᠨ ᠨᠥᠬᠦᠪᠥᠷᠢᠯᠡᠵᠦ᠂ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠵᠤ᠂ ᠪᠥᠬᠦ ᠪᠠᠯᠭᠠᠰᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠦᠨᠳᠦᠰᠦᠨ ᠴᠢᠨᠠᠷᠲᠠᠶ ᠬᠤᠪᠢᠷᠠᠯᠲᠠ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃    ᠬᠤᠷᠠᠯ ᠠᠴᠠ᠂ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠬᠤ ᠬᠡᠷᠡᠭᠲᠡᠢ᠃ ᠪᠦᠬᠦ ᠪᠠᠯᠭᠠᠰᠤ ᠪᠠᠷ ᠢᠶᠠᠨ ᠦᠵᠡᠯ ᠰᠠᠨᠠᠭ᠎ᠠ᠂ ᠦᠢᠯᠡ ᠠᠵᠢᠯᠯᠠᠭ᠎ᠠ ᠶᠢᠨ ᠲᠠᠯ᠎ᠠ ᠪᠠᠷ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠬᠠᠷᠠᠯᠲᠠ ᠶᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠨᠢᠭᠡᠨ ᠬᠠᠲᠠᠭᠤ ᠡᠭᠦᠷᠭᠡ ᠪᠣᠯᠭᠠᠨ ᠴᠢᠩᠭ᠎ᠠ ᠠᠳᠬᠤᠵᠤ᠂ ᠴᠥᠬᠦᠷᠡᠰᠢ ᠦᠭᠡᠢ ᠪᠠᠶᠢᠩᠭᠤ ᠠᠳᠬᠤᠬᠤ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠬᠤ ᠬᠡᠷᠡᠭᠲᠡᠢ᠃ ᠪᠠᠯᠭᠠᠰᠤᠨ ᠤ ᠤᠳᠤᠷᠢᠳᠤᠯᠭ᠎ᠠ ᠲᠣᠰᠬᠤᠨ ᠢ ᠳᠠᠭᠠᠭᠠᠴᠢᠯᠠᠬᠤ᠂ ᠲᠣᠰᠬᠤᠨ ᠤ ᠬᠠᠷᠢᠭᠤᠴᠠᠯᠭᠠᠲᠠᠨ ᠲᠣᠣᠷᠵᠢᠯ ᠢ ᠳᠠᠭᠠᠭᠠᠴᠢᠯᠠᠬᠤ᠂ ᠲᠣᠰᠬᠤᠨ ᠤ ︽ᠭᠤᠷᠪᠠᠨ ᠵᠥᠪᠯᠡᠯ︾ ᠤᠨ ᠭᠤᠳᠤᠮᠵᠢ ᠶᠢᠨ ᠵᠠᠮ ᠢ ᠳᠠᠭᠠᠭᠠᠴᠢᠯᠠᠬᠤ᠂ ᠨᠠᠮ ᠤᠨ ᠭᠡᠰᠢᠭᠦᠨ ᠲᠣᠰᠬᠤᠨ ᠤ ᠠᠷᠠᠳ ᠤᠨ ᠲᠥᠯᠥᠭᠡᠯᠡᠭᠴᠢ ᠬᠦᠷᠢᠶ᠎ᠡ ᠬᠠᠰᠢᠶ᠎ᠠ ᠶᠢ ᠳᠠᠭᠠᠭᠠᠴᠢᠯᠠᠭᠰᠠᠨ ᠲᠣᠣᠷᠵᠢᠯ ᠢ ᠵᠠᠰᠠᠬᠤ ᠰᠢᠰᠲ᠋ᠧᠮ ᠢ ᠪᠠᠷᠢᠮᠲᠠᠯᠠᠵᠤ᠂ ᠪᠦᠬᠦ ᠲᠠᠯ᠎ᠠ ᠪᠠᠷ ᠬᠦᠴᠦᠯᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠵᠦ᠂ ᠴᠡᠭᠴᠡᠯᠡᠨ ᠵᠠᠰᠠᠬᠤ ᠦᠷ᠎ᠡ ᠪᠦᠲᠦᠮᠵᠢ ᠲᠠᠢ᠂ ᠬᠥᠳᠡᠭᠡ ᠲᠣᠰᠬᠤᠨ ᠤ ᠰᠢᠨ᠎ᠡ ᠳᠦᠷᠰᠦ ᠪᠠᠶᠢᠳᠠᠯ ᠢ ᠣᠯᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠰᠢᠮᠳᠠᠭᠤᠯᠤᠨ ᠪᠠᠶᠢᠴᠠᠭᠠᠵᠤ ᠵᠢᠯᠣᠭᠤᠳᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ︽ᠨᠢᠭᠡᠨᠲᠡ ᠡᠪᠡᠳᠴᠢᠯᠡᠭᠰᠡᠨ ᠢ ᠵᠠᠰᠠᠵᠤ᠂ ᠡᠪᠡᠳᠴᠢᠯᠡᠬᠦ ᠠᠴᠠ ᠡᠮᠦᠨ᠎ᠡ ᠰᠡᠷᠭᠡᠶᠢᠯᠡᠬᠦ︾ ᠶᠢ ᠪᠠᠷᠢᠮᠲᠠᠯᠠᠨ᠂ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠤᠯᠠᠮ ᠨᠢᠭᠡ ᠠᠯᠬᠤᠮ ᠰᠢᠨ᠎ᠡ ᠪᠠᠷ ᠡᠭᠦᠳᠦᠨ ᠲᠡᠭᠦᠯᠳᠡᠷᠵᠢᠭᠦᠯᠵᠦ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠤᠷᠲᠤ ᠬᠤᠭᠤᠴᠠᠭᠠᠨ ᠤ ᠪᠦᠲᠦᠮᠵᠢᠲᠡᠶ ᠪᠠᠶᠢᠯᠭᠠᠬᠤ ᠶᠢ ᠦᠨᠡᠨᠬᠦ ᠪᠠᠲᠤᠯᠠᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠲᠦᠷᠦᠭᠦᠯᠡᠭᠦᠯᠦᠨ᠂ ᠡᠯ᠎ᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠳᠬᠠᠬᠤ ᠬᠡᠷᠡᠭᠲᠡᠶ᠃ ᠳᠥᠷᠪᠡ ᠳᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠶ᠃ ᠸᠢᠴᠠᠲ ᠤᠨ ᠴᠤᠭᠯᠠᠷᠠᠯ᠂ ︽ᠲᠣᠰᠬᠤᠨ ᠪᠣᠯᠭᠠᠨ ᠳᠤ ᠨᠡᠪᠲᠡᠷᠡᠭᠦᠯᠬᠦ︾ ᠪᠦᠷᠢᠶ᠎ᠡ ᠵᠡᠷᠭᠡ ᠠᠷᠭ᠎ᠠ ᠮᠠᠶ᠋ᠢᠭ ᠢ ᠭᠦᠢᠴᠡᠳ ᠠᠰᠢᠭᠯᠠᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢᠨ ᠴᠢᠬᠤᠯᠠ ᠴᠢᠨᠠᠷ ᠪᠠ ᠠᠴᠢ ᠬᠤᠯᠪᠣᠭᠳᠠᠯ ᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠭᠤᠯᠵᠤ᠂ ᠲᠣᠰᠬᠤᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ ᠯᠠᠪᠳᠠᠭᠤᠨ ᠢᠶᠠᠷ ᠦᠷᠭᠦᠯᠵᠢᠯᠡᠨ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃
 
ᠢᠷᠡᠯᠲᠡ᠄ ᠲᠠᠶᠢᠭ᠎ᠠ ᠮᠣᠳᠤ ᠪᠠᠯᠭᠠᠰᠤ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号