ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠤᠨ ᠶᠧᠪᠡᠩ ᠤᠨ ᠵᠠᠬ᠎ᠠ ᠳᠡᠯᠭᠡᠭᠦᠷ ᠤᠨ ᠡᠮᠬᠢ | ᠵᠢᠷᠤᠮ ᠲᠠᠢ ᠪᠠᠶᠢᠬᠤ ᠶᠢ ᠪᠠᠲᠤᠯᠠᠵᠤ᠂ ︽ᠲᠡᠭᠷᠢ ᠶᠢᠨ ᠦᠨ᠎ᠡ︾ ᠶᠧᠪᠡᠩ ᠪᠠ ᠬᠡᠲᠦ ᠪᠣᠭᠤᠳᠠᠯᠯᠠᠬᠤ ᠦᠵᠡᠭᠳᠡᠯ ᠢ | ᠡᠷᠡᠰ ᠬᠤᠷᠢᠭᠯᠠᠬᠤ ᠶᠢᠨ ᠲᠥᠯᠥᠭᠡ᠂ 9 ᠰᠠᠷ᠎ᠠ ᠶᠢᠨ 4 ᠤ ᠡᠳᠦᠷ᠂ ᠲᠦᠮᠡᠳ ᠵᠡᠭᠦᠨ ᠬᠤᠰᠢᠭᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠲᠠᠢ ᠬᠠᠮᠲᠤᠷᠠᠨ ᠶᠧᠪᠡᠩ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠵᠢᠴᠢ ᠬᠡᠲᠦ ᠪᠤᠭᠤᠳᠠᠯᠯᠠᠬᠤ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠥᠷᠨᠢᠭᠦᠯᠪᠡ᠃ | ᠲᠣᠰ ᠤᠳᠠᠭᠠᠨ ᠤ ᠪᠠᠶᠢᠴᠠᠭᠠᠯᠲᠠ ᠳᠤ ᠬᠠᠷᠢᠶᠠᠲᠤ ᠣᠷᠣᠨ ᠤ ᠬᠡᠲᠦ ᠳᠡᠯᠭᠡᠭᠦᠷ ᠵᠢᠴᠢ ᠪᠣᠭᠤᠷᠰᠤᠭ ᠡᠳ᠋ᠰᠢᠭᠦᠯᠦᠨ | ᠪᠣᠷᠣᠯᠠᠭᠤᠯᠬᠤ ᠨᠢᠭᠡᠴᠢ ᠪᠠᠷ ᠭᠤᠤᠯᠳᠠᠯᠭ᠎ᠠ ᠪᠣᠯᠭᠠᠵᠤ᠂ ᠠᠳᠠᠯᠢ ᠪᠤᠰᠤ ᠨᠠᠷᠠᠲᠤ ᠲᠡᠮᠳᠡᠭᠲᠦ ᠶᠢᠨ ᠶᠧᠪᠡᠩ ᠤᠨ | ᠪᠡᠯᠡᠭ ᠤᠨ ᠬᠠᠶᠢᠷᠴᠠᠭ ᠲᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠲᠡᠭᠦᠨ ᠤ ᠦᠨ᠎ᠡ ᠬᠠᠩᠰᠢ᠂ | ᠦᠢᠯᠡᠳᠪᠦᠷᠢᠯᠡᠭᠰᠡᠨ ᠡᠳᠦᠷ ᠬᠤᠭᠤᠴᠠᠭ᠎ᠠ ᠵᠢᠴᠢ ᠪᠣᠭᠤᠳᠠᠯ ᠤᠨ ᠪᠤᠳᠤᠯᠢᠶᠠᠨᠲᠤ ᠬᠡᠮᠵᠢᠶ᠎ᠡ ᠳᠤ ᠨᠠᠷᠢᠨ ᠪᠠᠶᠢᠴᠠᠭᠠᠯᠲᠠ | ᠬᠢᠪᠠ᠃ ᠶᠧᠪᠡᠩ ᠨᠢ ᠲᠣᠭᠲᠠᠭᠠᠯ ᠶᠣᠰᠣᠭᠠᠷ ᠦᠨ᠎ᠡ ᠬᠠᠩᠰᠢ ᠶᠢ ᠢᠯᠡ ᠲᠡᠮᠳᠡᠭᠯᠡᠭᠰᠡᠨ ᠡᠰᠡᠬᠦ᠂ ᠦᠨ᠎ᠡ ᠬᠠᠩᠰᠢ ᠶᠢᠨ | ᠮᠡᠬᠡᠯᠡᠯ ᠤᠨ ᠠᠵᠢᠯᠯᠠᠭ᠎ᠠ ᠣᠷᠣᠰᠢᠵᠤ ᠪᠠᠶᠢᠬᠤ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠬᠤ ᠶᠢᠨ ᠬᠠᠮᠲᠤ | ᠡᠵᠡᠩᠨᠡᠭᠴᠢᠳ ᠲᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ | ᠲᠥᠭᠡᠮᠡᠯᠵᠢᠬᠦᠯᠬᠦ ᠶᠢᠨ ᠬᠠᠮᠲᠤ ᠲᠠᠸᠠᠷ ᠤᠨ ᠬᠡᠲᠦ ᠪᠣᠭᠤᠳᠠᠯᠯᠠᠬᠤ ᠶᠢ ᠬᠢᠵᠠᠭᠠᠷᠯᠠᠬᠤ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠲᠦᠭᠡᠮᠡᠯᠵᠢᠭᠦᠯᠵᠡᠶ᠃ ᠶᠧᠪᠡᠩ ᠤᠨ ᠪᠡᠯᠡᠭ ᠤᠨ ᠬᠠᠶᠢᠷᠴᠠᠭ ᠤᠨ ᠪᠣᠭᠤᠳᠠᠯ ᠤᠨ ᠳᠠᠪᠬᠤᠷᠭ᠎ᠠ ᠶᠢᠨ | ᠲᠤᠭ᠎ᠠ ᠶᠢ ᠭᠤᠷᠪᠠᠨ ᠳᠠᠪᠬᠤᠷᠭ᠎ᠠ ᠠᠴᠠ ᠬᠡᠲᠦᠷᠡᠭᠦᠯᠵᠦ ᠪᠣᠯᠬᠤ ᠦᠭᠡᠢ ᠭᠡᠵᠦ ᠱᠠᠭᠠᠷᠳᠠᠭᠰᠠᠨ ᠪᠥᠭᠡᠳ ᠦᠨᠡᠲᠦ | ᠲᠡᠮᠦᠷᠯᠢᠭ ᠪᠤᠶᠤ ᠤᠯᠠᠭᠠᠨ ᠮᠣᠳᠣ ᠪᠠᠷ ᠪᠣᠭᠤᠳᠠᠯᠯᠠᠬᠤ ᠮᠠᠲ᠋ᠧᠷᠢᠶᠠᠯ ᠪᠣᠯᠭᠠᠬᠤ ᠶᠢ ᠴᠢᠩᠭ᠎ᠠ ᠴᠠᠭᠠᠵᠠᠯᠠᠵᠤ᠂ | ᠪᠣᠭᠤᠳᠠᠯᠯᠠᠬᠤ ᠥᠪᠡᠷ ᠤᠨ ᠥᠷᠲᠡᠭ ᠢ ᠬᠢᠵᠠᠭᠠᠷᠯᠠᠵᠤ᠂ ᠬᠡᠲᠦ ᠪᠣᠭᠤᠳᠠᠯᠯᠠᠬᠤ ᠦᠵᠡᠭᠳᠡᠯ ᠠᠴᠠ ᠵᠠᠶᠢᠯᠠᠰᠬᠢᠬᠦ ᠬᠡᠷᠡᠭᠲᠡᠶ | ᠃ | ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠᠨ | ᠦᠷᠭᠦᠯᠵᠢᠯᠡᠨ ᠴᠢᠩᠭᠠᠳᠬᠠᠵᠤ᠂ ᠶᠠᠮᠠᠷᠪᠠ ᠬᠡᠲᠦ ᠪᠣᠭᠤᠳᠠᠯᠯᠠᠬᠤ ᠪᠠ ᠦᠨ᠎ᠡ ᠬᠠᠩᠰᠢ ᠶᠢᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠪᠣᠬᠢᠷᠲᠤᠯ ᠥᠬᠡᠶ ᠬᠡᠷᠡᠭᠯᠡᠭᠡᠨ ᠤ | ᠣᠨᠣᠯᠵᠢᠬᠤᠨ ᠢ ᠰᠠᠨᠠᠭᠠᠴᠢᠯᠠᠵᠤ᠂ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠢ ᠪᠠᠳᠠᠷᠠᠭᠤᠯᠵᠤ᠂ ︽ᠢᠳᠡᠭᠡᠨ | ᠤᠮᠳᠠᠭᠠᠨ ᠤ ᠠᠮᠤᠷ ᠲᠦᠪᠰᠢᠨ︾ ᠢ ᠰᠠᠬᠢᠨ ᠬᠠᠮᠠᠭᠠᠯᠠᠨ᠎ᠠ᠃ |