ᠲᠦᠮᠡᠳ ᠵᠡᠭᠦᠨ ᠬᠤᠰᠢᠭᠤ ᠬᠢᠭᠡᠳ ᠬᠤᠰᠢᠭᠤᠨ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠬᠠᠮᠲᠤᠷᠠᠨ 2024 ᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠷᠠᠨ ᠰᠠᠶᠢᠬᠠᠨ ᠤ ᠦᠵᠡᠭᠦᠯᠦᠯᠭᠡ ᠶᠢᠨ ᠲᠣᠭᠯᠠᠯᠲᠠ ᠡᠷᠬᠢᠯᠡᠪᠡ
ᠨᠡᠶᠢᠲᠡᠯᠡᠭᠰᠡᠨ ᠴᠠᠭ᠄
2024/9/9
    9 ᠰᠠᠷ᠎ᠠ ᠶᠢᠨ 6 ᠤ ᠣᠷᠣᠢ᠂ ᠲᠦᠮᠡᠳ ᠵᠡᠭᠦᠨ ᠬᠤᠰᠢᠭᠤ ᠪᠣᠯᠤᠨ ᠬᠤᠰᠢᠭᠤᠨ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ︵ᠵᠢᠨᠴᠤᠸᠠᠨ ᠰᠤᠷᠭᠠᠭᠤᠯᠢ ᠶᠢᠨ ᠲᠣᠭᠤᠷᠢᠭ︶ ︽ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠶ᠎ᠠ︾ ᠭᠡᠬᠦ 2024 ᠣᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠷᠠᠨ ᠰᠠᠶᠢᠬᠠᠨ ᠤ ᠲᠣᠭᠯᠠᠯᠲᠠ  ᠦᠷᠨᠢᠭᠦᠯᠪᠡ᠃    ᠲᠣᠰ ᠤᠳᠠᠭᠠᠨ ᠤ ᠦᠵᠡᠭᠦᠯᠦᠯᠭᠡ ᠶᠢ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠵᠢᠴᠢ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠬᠠᠮᠲᠤᠷᠠᠨ ᠡᠷᠭᠢᠯᠡᠵᠦ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠡᠪᠯᠡᠯ ᠤᠨ ᠬᠤᠷᠢᠶ᠎ᠠ᠂ ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ᠬᠠᠮᠵᠢᠯᠴᠠᠨ ᠡᠷᠭᠢᠯᠡᠪᠡ᠃    ᠲᠣᠰ ᠤᠳᠠᠭᠠᠨ ᠤ ᠲᠣᠭᠯᠠᠯᠲᠠ ᠳᠤ ᠳᠠᠭᠤᠤ ᠪᠥᠵᠢᠭ ︽ᠬᠠᠮᠲᠤ ᠪᠠᠷ ᠳᠠᠭᠤᠯᠠᠶ᠎ᠠ︾᠂  ᠭᠠᠭᠴᠠ ᠬᠦᠮᠦᠨ ᠤ ᠳᠠᠭᠤᠯᠠᠯᠲᠠ ︽ᠪᠢ ᠪᠠᠶᠢᠨ᠎ᠠ︾᠂ ᠪᠥᠵᠢᠭ ︽ᠪᠠᠶᠠᠷ ᠬᠥᠷ ᠲᠠᠢ ᠨᠠᠭᠠᠳᠤᠮ ᠤᠨ ᠬᠤᠷᠠᠯ︾᠂ ︽ᠤᠮᠠᠷᠠᠲᠤ ᠬᠢᠯᠢ ᠶᠢᠨ ᠰᠡᠳᠬᠢᠯᠭᠡ︾᠂ ᠮᠣᠷᠢᠨ ᠬᠤᠭᠤᠷ ᠤᠨ ᠬᠠᠮ ᠬᠥᠭᠵᠢᠮ ︽ᠴᠠᠭᠠᠨ ᠮᠣᠷᠢ︾᠂ ᠰᠢᠯᠦᠭ  ᠤᠨ ᠤᠶᠠᠩᠭᠠᠯᠠᠯ ︽ᠮᠣᠩᠭᠤᠯ ᠮᠣᠷᠢᠨ ᠤ ᠮᠠᠭᠲᠠᠭᠠᠯ︾᠂ ᠨᠠᠶᠢᠷᠠᠯ ᠳᠠᠭᠤᠤ ︽ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠮᠢᠨᠦ ᠬᠡᠷ︾ ᠵᠡᠷᠭᠡ ᠮᠠᠰᠢ ᠣᠯᠠᠨ ᠭᠤᠶᠢᠳᠠ ᠰᠠᠶᠢᠬᠠᠨ ᠲᠣᠭᠯᠠᠯᠲᠠ ᠶᠢ ᠳᠡᠯᠭᠡᠨ ᠦᠵᠡᠭᠦᠯᠵᠦ᠂ ᠣᠯᠠᠨ ᠶᠠᠩᠵᠤ ᠶᠢᠨ ᠫᠷᠤᠭ᠍ᠷᠠᠮ ᠨᠢ ᠰᠢᠨ᠎ᠡ ᠴᠠᠭ ᠦᠶ᠎ᠡ ᠶᠢᠨ ᠰᠣᠶᠣᠯ ᠤᠷᠠᠯᠢᠭ ᠤᠨ ᠢᠷᠠᠭᠤ ᠰᠠᠶᠢᠬᠠᠨ ᠬᠠᠭᠤᠳᠠᠰᠤ ᠶᠢ ᠬᠠᠩᠬᠢᠨᠠᠭᠤᠯᠵᠤ᠂ ᠳᠤᠮᠳᠠᠳᠤ ᠶᠢᠨ ᠰᠣᠶᠣᠯ ᠤᠨ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠬᠦ ᠶᠢ ᠲᠠᠶᠢᠯᠪᠤᠷᠢᠯᠠᠵᠤ ᠪᠠᠶᠢᠨ᠎ᠠ᠃ ᠲᠤᠬᠠᠢ ᠶᠢᠨ ᠲᠠᠯᠠᠪᠠᠢ ᠳᠤ ᠨᠢᠵᠢᠭᠢᠨᠡᠲᠡᠯ᠎ᠡ ᠠᠯᠠᠭ᠎ᠠ ᠲᠠᠰᠢᠪᠠ᠃    ᠲᠣᠰ ᠤᠳᠠᠭᠠᠨ ᠤ ᠦᠵᠡᠭᠦᠯᠦᠯᠭᠡ ᠶᠢᠨ ᠲᠣᠭᠯᠠᠯᠲᠠ ᠨᠢ ᠳᠤᠮᠳᠠᠳᠤ ᠶᠢᠨ ᠰᠣᠶᠣᠯ ᠤᠨ ᠣᠯᠠᠨ ᠡᠰᠢᠲᠦ ᠨᠢᠭᠡ ᠴᠣᠭᠴᠠᠵᠢᠭᠰᠠᠨ ᠣᠨᠴᠠᠯᠢᠭ ᠲᠠᠢ ᠪᠠᠶᠢᠬᠤ ᠶᠢ ᠣᠷᠭᠠᠨᠢᠭ ᠢᠶᠠᠷ ᠤᠶᠠᠯᠳᠤᠭᠤᠯᠵᠤ᠂ ᠦᠨᠳᠦᠰᠦᠲᠡᠨ ᠨᠦᠭᠦᠳ ᠤᠨ ᠥᠪᠡᠷᠮᠢᠴᠡ ᠣᠨᠴᠠᠯᠢᠭ ᠲᠠᠢ ᠤᠷᠠᠯᠢᠭ ᠤᠨ ᠬᠡᠯᠪᠡᠷᠢ ᠶᠢ ᠣᠷᠭᠠᠨᠢᠭ ᠢᠶᠠᠷ ᠤᠶᠠᠯᠳᠤᠭᠤᠯᠵᠤ᠂ ᠦᠵᠡᠭᠴᠢᠳ ᠠᠴᠠ ᠳᠤᠮᠳᠠᠳᠤ ᠶᠢᠨ ᠦᠨᠳᠦᠰᠦᠲᠡᠨ ᠤ ᠰᠣᠶᠣᠯ ᠤᠷᠠᠯᠢᠭ ᠤᠨ ᠷᠢᠳᠢ ᠰᠢᠳᠢ ᠪᠠ ᠠᠮᠢᠵᠢᠷᠠᠯ ᠤᠨ ᠬᠦᠴᠦᠨ ᠢ ᠭᠦᠨᠵᠡᠭᠡᠶ ᠮᠡᠳᠡᠷᠡᠬᠦ ᠳᠤ ᠠᠰᠢᠭᠲᠠᠶ ᠪᠠᠶᠢᠵᠤ᠂ ᠳᠤᠮᠳᠠᠳᠤ ᠶᠢᠨ ᠰᠣᠶᠣᠯ ᠤᠨ ᠰᠣᠯᠢᠯᠴᠠᠭ᠎ᠠ ᠠᠭᠤᠰᠤᠯᠴᠠᠯ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠣᠨᠴᠠᠯᠢᠭ ᠢ ᠨᠠᠩ ᠰᠠᠶᠢᠲᠤᠷ ᠣᠶᠢᠯᠠᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠭᠤᠷᠪᠠᠨ ᠰᠠᠯᠵᠤ ᠴᠢᠳᠠᠬᠤ ᠥᠬᠡᠶ︾᠂ ︽ᠳᠥᠷᠪᠡᠨ ᠬᠠᠮᠲᠤ ᠪᠠᠷ︾᠂ ︽ᠳᠥᠷᠪᠡᠨ ᠬᠠᠮᠲᠤ ᠶᠢᠨ ᠲᠠᠨᠢᠯᠲᠠ︾ ᠶᠢᠨ ᠣᠶᠢᠯᠠᠭᠠᠭᠳᠠᠬᠤᠨ ᠢ ᠤᠯᠠᠮ ᠨᠢᠭᠡ ᠠᠯᠬᠤᠮ ᠤᠬᠠᠭᠤᠯᠤᠨ ᠬᠥᠲᠥᠯᠥᠨ ᠵᠢᠯᠣᠭᠤᠳᠴᠤ᠂ ᠨᠠᠮ ᠤᠨ ᠠᠴᠢ ᠳᠤ ᠨᠠᠩ ᠦᠨᠡᠨ ᠰᠡᠳᠬᠢᠯ ᠠᠴᠠ ᠪᠠᠨ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠳᠤ ᠠᠰᠢᠭᠲᠠᠶ ᠪᠣᠯᠭᠠᠵᠠᠶ᠃    ᠲᠣᠰ ᠤᠳᠠᠭᠠᠨ ᠤ ᠦᠵᠡᠭᠦᠯᠦᠯᠭᠡ ᠪᠣᠯ ᠲᠦᠮᠡᠳ ᠵᠡᠭᠦᠨ ᠬᠤᠰᠢᠭᠤ ᠬᠢᠭᠡᠳ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ‍ ᠨᠢᠭᠡ ᠤᠳᠠᠭᠠᠨ ᠤ ᠴᠢᠬᠤᠯᠠ ᠠᠵᠢᠯᠯᠠᠭ᠎ᠠ ᠮᠥᠨ᠂ ᠡᠨᠡ ᠨᠢ ᠮᠠᠨ ᠤ ᠬᠤᠰᠢᠭᠤᠨ ᠤ ᠰᠤᠷᠭᠠᠭᠤᠯᠢ ᠪᠠ ᠣᠷᠣᠨ ᠨᠤᠲᠤᠭ ᠤᠨ ᠠᠭᠤᠰᠤᠯᠴᠠᠨ ᠰᠢᠨ᠎ᠡ ᠶᠢ ᠡᠭᠦᠳᠬᠦ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ᠂ ᠬᠤᠶᠠᠷ ᠲᠠᠯ᠎ᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ  ᠤᠨ ᠬᠡᠯᠲᠡᠰ ᠤᠨ ᠳᠠᠷᠤᠭ᠎ᠠ ᠸᠠᠩ ᠱᠤ᠋ ᠶᠠ ᠨᠠᠷ ᠣᠷᠣᠯᠴᠠᠪᠠ᠃
 
ᠢᠷᠡᠯᠲᠡ᠄ ᠲᠦᠮᠡᠳ ᠵᠡᠭᠦᠨ‌ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号