ᠰᠢ ᠶᠢᠨ ᠫᠢᠩ ᠨᠥᠬᠦᠷ ᠤᠨ ︽ᠰᠤᠷᠭᠠᠨ ᠬᠥᠮᠦᠵᠢᠯ ᠤᠨ ᠲᠤᠬᠠᠢ ᠥᠭᠦᠯᠡᠬᠦ ᠨᠢ︾ ᠭᠡᠬᠦ ᠨᠣᠮ ᠢ ᠬᠡᠪᠯᠡᠭᠦᠯᠦᠨ ᠲᠠᠷᠬᠠᠭᠠᠪᠠ
ᠨᠡᠶᠢᠲᠡᠯᠡᠭᠰᠡᠨ ᠴᠠᠭ᠄
2024/9/9
    ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 8 ᠤ ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ᠰᠢ ᠶᠢᠨ ᠫᠢᠩ ᠨᠥᠬᠦᠷ ᠤᠨ ︽ᠰᠤᠷᠭᠠᠨ ᠬᠥᠮᠦᠵᠢᠯ ᠤᠨ ᠲᠤᠬᠠᠢ ᠥᠭᠦᠯᠡᠬᠦ ᠨᠢ︾ ᠭᠡᠬᠦ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠦᠭᠦ ᠤᠯᠤᠰ ᠲᠤ ᠲᠠᠷᠬᠠᠭᠠᠪᠠ᠃    ᠡᠨᠡ ᠬᠦ ᠲᠤᠰᠬᠠᠢ ᠰᠡᠳᠦᠪᠲᠦ ᠵᠣᠬᠢᠶᠠᠯ ᠤᠨ ᠡᠮᠬᠢᠳᠬᠡᠯ ᠳᠤ ᠰᠢ ᠶᠢᠨ ᠫᠢᠩ ᠨᠥᠬᠦᠷ ᠤᠨ ᠰᠤᠷᠭᠠᠨ ᠬᠥᠮᠦᠵᠢᠯ ᠤᠨ ᠲᠤᠬᠠᠢ 47 ᠴᠢᠬᠤᠯᠠ ᠵᠣᠬᠢᠶᠠᠯ ᠢ ᠣᠷᠣᠭᠤᠯᠵᠠᠢ᠂ ᠡᠭᠦᠨ ᠳᠤ ᠬᠡᠰᠡᠭ ᠵᠣᠬᠢᠶᠠᠯ ᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ᠃    ᠰᠤᠷᠭᠠᠨ ᠬᠥᠮᠦᠵᠢᠯ ᠪᠣᠯ ᠦᠨᠳᠦᠰᠦᠲᠡᠨ ᠤ ᠬᠥᠭᠵᠢᠯ ᠮᠠᠨᠳᠤᠯ᠂ ᠨᠡᠶᠢᠭᠡᠮ ᠤᠨ ᠳᠠᠪᠰᠢᠯᠲᠠ ᠶᠢᠨ ᠴᠢᠬᠤᠯᠠ ᠰᠠᠭᠤᠷᠢ ᠴᠢᠯᠠᠭᠤ ᠮᠥᠨ᠂ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠮᠢᠩᠭᠠᠨ ᠦᠶ᠎ᠡ ᠳᠤ ᠠᠰᠢᠭ ᠬᠦᠷᠲᠡᠭᠡᠬᠦ ᠶᠣᠰᠣ ᠪᠠᠷ ᠵᠠᠰᠠᠬᠤ ᠵᠠᠰᠠᠭ ᠤᠨ ᠢᠨᠵᠧᠨᠧᠷᠢᠩ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠰᠤᠷᠭᠠᠨ ᠬᠥᠮᠦᠵᠢᠯ ᠢ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠪᠤᠯᠭᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠨ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠬᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠭᠠᠷᠭᠠᠵᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠬᠤ᠂ ᠪᠠᠶᠢᠷᠢᠰᠢᠯ ᠤᠨ ᠴᠢᠨᠠᠷᠲᠠᠢ ᠬᠤᠪᠢᠷᠠᠯᠲᠠ ᠭᠠᠷᠬᠤ ᠶᠢ ᠠᠬᠢᠭᠤᠯᠪᠠ᠃ ᠮᠠᠨ ᠤ ᠤᠯᠤᠰ ᠨᠢᠭᠡᠨᠲᠡ ᠳᠡᠯᠡᠬᠡᠢ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠰᠤᠷᠭᠠᠨ ᠬᠥᠮᠦᠵᠢᠯ ᠤᠨ ᠣᠳᠣᠬᠢᠴᠢᠯᠠᠭᠰᠠᠨ ᠬᠥᠭᠵᠢᠯᠲᠡ ᠶᠢᠨ ᠶᠡᠷᠦᠩᠬᠡᠢ ᠲᠦᠪᠰᠢᠨ ᠳᠡᠯᠡᠬᠡᠢ ᠶᠢᠨ ᠳᠤᠮᠳᠠ ᠳᠡᠭᠡᠳᠦ ᠤᠯᠤᠰ ᠤᠨ ᠡᠩᠨᠡᠭᠡᠨ ᠳᠤ ᠣᠷᠣᠪᠠ᠃ ᠰᠢ ᠶᠢᠨ ᠫᠢᠩ ᠨᠥᠬᠦᠷ ᠰᠤᠷᠭᠠᠨ ᠬᠥᠮᠦᠵᠢᠯ ᠤᠨ ᠲᠣᠭᠤᠷᠢᠨ ᠳᠤ ᠠᠯᠢ ᠣᠯᠠᠨ ᠴᠢᠬᠤᠯᠠ ᠥᠭᠦᠯᠡᠯᠲᠡ ᠨᠡᠶᠢᠲᠡᠯᠡᠵᠦ᠂ ︽ᠶᠠᠮᠠᠷ ᠬᠥᠮᠥᠨ ᠢ ᠬᠥᠮᠥᠵᠢᠭᠦᠯᠬᠦ᠂ ᠬᠥᠮᠥᠨ ᠢ ᠬᠡᠷᠬᠢᠨ ᠬᠥᠮᠥᠵᠢᠭᠦᠯᠬᠦ᠂ ᠬᠡᠨ ᠤ ᠲᠥᠯᠥᠭᠡ ᠬᠥᠮᠥᠵᠢᠭᠦᠯᠬᠦ︾ ᠦᠨᠳᠦᠰᠦᠨ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠦ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠦᠢᠯᠡᠰ ᠤᠨ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠶᠢ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠵᠦ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠦᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠳᠤ ᠲᠦᠢᠯ ᠤᠨ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号