ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/16
    1 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠢ ᠶᠢᠩ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠤᠷᠤᠯᠴᠠᠯᠭ᠎ᠠ ᠶᠢᠨ ᠬᠤᠷᠠᠯ ᠨᠢ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠬᠢᠵᠠᠭᠠᠷᠯᠠᠯ᠂ ᠪᠠᠲᠤᠯᠠᠨ ᠤᠷᠮᠠᠰᠢᠭᠤᠯᠬᠤ ᠦᠢᠯᠡᠳᠦᠯ ᠢ ᠶᠡᠷᠦᠩᠬᠡᠶᠢᠯᠡᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠱᠤᠭᠤᠮ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ ᠬᠤᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ︿ᠲᠥᠪ ᠬᠤᠲᠠ ᠶᠢ ᠬᠦᠴᠦᠷᠬᠡᠭᠵᠢᠭᠦᠯᠬᠦ﹀ ᠬᠠᠷᠠᠯᠲᠠ ᠶᠢ ᠪᠡᠶᠡᠯᠡᠭᠦᠯᠵᠦ᠂ ᠪᠦᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ︾ ᠵᠡᠷᠭᠡ ᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠪᠠ᠃ ᠬᠤᠷᠠᠯ ᠳᠡᠭᠡᠷ᠎ᠡ᠂ ᠵᠢᠶᠠ ᠶᠢᠨ ᠹᠧᠩ᠂ ᠴᠧᠨ ᠰᠢ ᠯᠧ᠂ ᠯᠢᠦ ᠱᠤᠤ ᡁᠢ᠂ ᠯᠢ ᠶᠤᠸᠠᠢ ᠴᠢᠩ᠂ ᠸᠠᠩ ᠵᠧᠨ ᠰᠢᠶᠠᠩ᠂ ᠸᠠᠩ ᠱᠦ ᠢᠦᠢ᠂ ᠳ᠋ᠦ᠋ ᠸᠧᠢ᠂ ᠪᠠᠢ ᠯᠢ ᠢᠦᠢ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠲᠤᠰ ᠪᠡᠶ᠎ᠡ ᠶᠢᠨ ᠲᠦᠷᠦᠭᠳᠡᠯ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠵᠤ᠂ ᠠᠵᠢᠯ ᠤᠨ ᠰᠡᠳᠬᠢᠴᠡ ᠪᠣᠯᠤᠨ ᠠᠷᠭ᠎ᠠ ᠬᠡᠮᠵᠢᠶ᠎ᠡ ᠶᠢ ᠳᠤᠷᠠᠳᠴᠠᠢ᠃    ᠬᠤᠷᠠᠯ ᠠᠴᠠ᠂ ᠰᠤᠷᠤᠯᠴᠠᠨ ᠰᠤᠳᠤᠯᠤᠨ ᠶᠠᠷᠢᠯᠴᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠢ᠃ ᠪᠦᠬᠦ ᠲᠠᠯ᠎ᠠ ᠪᠠᠷ ᠪᠠᠶᠢᠴᠠᠭᠠᠨ ᠵᠠᠳᠠᠯᠵᠤ᠂ ᠰᠡᠳᠬᠢᠯ ᠤᠨ ᠦᠭᠡ ᠪᠠᠨ ᠶᠠᠷᠢᠯᠴᠠᠬᠤ ᠶᠢ ᠨᠠᠷᠢᠨ ᠬᠢᠨᠠᠮᠠᠭᠠᠢ ᠥᠷᠨᠢᠭᠦᠯᠵᠦ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠵᠦ᠂ ᠠᠰᠠᠭᠤᠳᠠᠯ ᠤᠨ ᠵᠠᠩᠭᠢᠯᠠᠭ᠎ᠠ ᠶᠢ ᠭᠦᠨᠵᠡᠭᠡᠢ ᠠᠭᠤᠳᠠᠯᠵᠤ᠂ ᠦᠵᠡᠯ ᠰᠠᠨᠠᠭᠠᠨ ᠤ ᠦᠨᠳᠦᠰᠦ ᠰᠤᠷᠪᠤᠯᠵᠢ ᠶᠢ ᠣᠨᠣᠪᠴᠢᠲᠠᠢ ᠣᠯᠵᠤ᠂ ᠬᠠᠨᠳᠤᠯᠭᠠᠲᠤ ᠴᠢᠨᠠᠷᠲᠠᠢ ᠪᠠᠷ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠬᠤ ᠬᠡᠷᠡᠭᠲᠡᠢ᠃ ᠤᠬᠠᠮᠰᠠᠷ ᠠᠴᠠ ᠪᠠᠨ ᠬᠢᠳᠤᠭᠠᠨ ᠢᠷ ᠢ ᠳᠣᠲᠣᠭᠰᠢ ᠬᠠᠨᠳᠤᠭᠤᠯᠬᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠪᠠᠷᠢᠮᠲᠠᠯᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠤᠨ ᠵᠡᠪᠰᠡᠭ ᠢ ᠭᠦᠢᠴᠡᠳ ᠬᠡᠷᠡᠭᠯᠡᠵᠦ᠂ ᠢᠳᠡᠪᠬᠢᠲᠡᠢ ᠡᠷᠡᠭᠦᠯ ᠦᠵᠡᠯ ᠰᠠᠨᠠᠭᠠᠨ ᠤ ᠲᠡᠮᠡᠴᠡᠯ ᠢ ᠥᠷᠨᠢᠭᠦᠯᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠦᠨᠡᠨ ᠬᠦ  ᠪᠣᠲᠠᠲᠠᠶᠢᠵᠢᠭᠤᠯᠤᠨ᠎ᠠ᠃    ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶᠠ ᠶᠢᠨ ᠹᠧᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠧᠨ ᠰᠢ ᠯᠧ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠰᠤᠷᠤᠯᠴᠠᠯᠭ᠎ᠠ ᠳᠤ ᠣᠷᠣᠯᠴᠠᠪᠠ᠃
 
ᠢᠷᠡᠯᠲᠡ᠄ ᠲᠦᠮᠡᠳ ᠵᠡᠬᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号