ᠲᠦᠮᠡᠳ ᠵᠡᠭᠦᠨ ᠬᠤᠰᠢᠭᠤᠨ ᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠲᠠᠪᠤᠳᠤᠭᠠᠷ ᠪᠥᠬᠦᠳᠡ ᠬᠤᠷᠠᠯ ᠤᠷᠤᠭᠰᠢᠲᠠᠶ ᠬᠤᠷᠠᠯᠳᠤᠪᠠ
ᠨᠡᠶᠢᠲᠡᠯᠡᠭᠰᠡᠨ ᠴᠠᠭ᠄
2025/1/16
    1 ᠰᠠᠷ᠎ᠠ ᠶᠢᠨ 13 ᠤ ᠡᠳᠦᠷ᠂ ᠲᠦᠮᠡᠳ ᠵᠡᠭᠦᠨ ᠬᠤᠰᠢᠭᠤᠨ ᠤ ᠵᠠᠯᠠᠭᠤᠴᠤᠳ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠲᠦᠮᠡᠳ ᠵᠡᠭᠦᠨ ᠬᠤᠰᠢᠭᠤᠨ ᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠲᠠᠪᠤᠳᠤᠭᠠᠷ ᠤᠳᠠᠭᠠᠨ ᠤ ᠪᠥᠬᠦᠳᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠤᠰᠢᠭᠤᠨ ᠤ ᠵᠠᠯᠠᠭᠤᠴᠤᠳ ᠤᠨ ᠬᠠᠮᠲᠤᠷᠠᠭᠰᠠᠨ ᠬᠤᠷᠠᠯ ᠤᠨ ᠬᠤᠷᠠᠯᠳᠤᠭᠤᠯᠤᠭᠴᠢ ᠯᠢᠦᠶ ᠸᠧᠨ ᠫᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ ᠳᠤᠮᠳᠠ ᠤᠷᠳᠤ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠬᠥᠬᠡᠬᠤᠲᠠ ᠶᠢᠨ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃    ᠡᠪᠯᠡᠯ ᠤᠨ ᠬᠤᠰᠢᠭᠤᠨ ᠤ ᠨᠠᠮ ᠤᠨ ᠬᠤᠷᠢᠶ᠎ᠠ ᠲᠦᠮᠡᠳ ᠵᠡᠭᠦᠨ ᠬᠤᠰᠢᠭᠤᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠣᠷᠳᠣ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ︵2018 - 2025 ᠣᠨ︶︾ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠭᠤᠤᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠵᠦ᠂ ᠬᠤᠰᠢᠭᠤᠨ ᠤ ᠪᠠᠶᠢᠴᠠᠭᠠᠬᠤ ᠬᠤᠷᠢᠶ᠎ᠠ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠨᠢ ᠪᠦᠷᠢᠯᠳᠦᠬᠦᠨ ᠨᠢᠭᠡᠴᠢ ᠶᠢᠨ ᠲᠥᠯᠥᠭᠡᠯᠡᠭᠴᠢ ᠶᠢᠨ ᠬᠤᠪᠢ ᠪᠠᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃    ᠯᠢᠦᠶ ᠸᠧᠨ ᠫᠢᠩ ᠨᠥᠬᠦᠷ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠵᠠᠯᠠᠭᠤᠴᠤᠳ ᠤᠨ ᠠᠵᠢᠯ ᠤᠨ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠲᠥᠯᠥᠪᠵᠢᠭᠦᠯᠭᠡ︾ ᠶᠢᠨ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠡᠴᠦᠰ ᠤᠨ ᠨᠢᠭᠡ ᠵᠢᠯ ᠤᠨ ᠴᠠᠭ ᠢ ᠠᠮᠵᠢᠨ ᠰᠢᠪᠲᠤᠯᠤᠯᠲᠠ ᠬᠢᠵᠦ᠂ ︽ᠲᠥᠯᠥᠪᠵᠢᠭᠦᠯᠭᠡ︾ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠨᠢᠭᠡ ᠳᠤ᠂ ᠦᠵᠡᠯ ᠰᠠᠨᠠᠭᠠᠨ ᠤ ᠬᠥᠮᠦᠵᠢᠯ ᠢ ᠴᠢᠩᠭᠠᠳᠬᠠᠵᠤ᠂ ᠵᠠᠯᠠᠭᠤᠴᠤᠳ ᠤᠨ ᠬᠥᠭᠵᠢᠯᠲᠡ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠢ᠃ ᠬᠤᠶᠠᠷ ᠲᠤ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠯᠠᠭᠤᠴᠤᠳ ᠤᠨ ᠬᠥᠭᠵᠢᠯᠲᠡ ᠶᠢᠨ ᠵᠣᠪᠠᠨᠢᠯ ᠢ ᠰᠢᠢᠳᠪᠦᠷᠢᠯᠡᠬᠦ ᠬᠡᠷᠡᠭᠲᠡᠶ᠃ ᠭᠤᠷᠪᠠ ᠳᠤ᠂ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠵᠦ᠂ ᠵᠠᠯᠠᠭᠤᠴᠤᠳ ᠤᠨ ᠬᠥᠭᠵᠢᠯᠲᠡ ᠶᠢᠨ ᠡᠷᠬᠡ ᠠᠰᠢᠭ ᠢ ᠪᠠᠲᠤᠯᠠᠬᠤ ᠬᠡᠷᠡᠭᠲᠡᠢ᠃ ᠲᠦᠷᠪᠡ ᠳᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ︽ᠲᠥᠯᠥᠪᠵᠢᠭᠦᠯᠭᠡ︾ ᠶᠢ ᠨᠠᠷᠢᠨ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠬᠤᠰᠢᠭᠤᠨ ᠤ ᠵᠠᠯᠠᠭᠤᠴᠤᠳ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠴᠦ᠂ ᠲᠦᠮᠡᠳ ᠵᠡᠭᠦᠨ ᠬᠤᠰᠢᠭᠤ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠵᠠᠯᠠᠭᠤᠴᠤᠳ ᠤᠨ ᠳᠡᠮᠵᠢᠯᠭᠡ ᠶᠢ ᠣᠯᠵᠤ᠂ ᠵᠠᠯᠠᠭᠤ ᠨᠠᠰᠤᠨ ᠤ ᠬᠦᠴᠦᠨ ᠢ ᠨᠢᠭᠲᠠᠷᠠᠭᠤᠯᠵᠤ᠂ ᠲᠦᠮᠡᠳ ᠵᠡᠭᠦᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠰᠢᠨ᠎ᠡ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠪᠠᠳᠠᠷᠠᠭᠤᠯᠪᠠ︕    ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠳᠡᠳ᠋ ᠡᠷᠬᠢᠯᠡᠭᠴᠢ ᠰᠦᠨ ᡁᠢ ᠵᠢᠶᠤᠤ ᠬᠤᠷᠠᠯ ᠡᠷᠭᠢᠯᠡᠪᠡ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠳᠡᠳ᠋ ᠬᠤᠷᠠᠯᠳᠤᠭᠤᠯᠤᠭᠴᠢ ᠵᠧᠤ ᠨᠠᠨ ᠬᠤᠷᠠᠯ ᠳᠤ ᠣᠷᠣᠯᠴᠠᠵᠠᠶ᠃    ᠪᠥᠬᠦ ᠬᠤᠰᠢᠭᠤᠨ ᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠨᠢ ᠨᠡᠶᠢᠲᠡ 54 ᠪᠦᠷᠢᠯᠳᠦᠬᠦᠨ ᠨᠢᠭᠡᠴᠡ ᠲᠣᠰ ᠤᠳᠠᠭᠠᠨ ᠤ ᠬᠤᠷᠠᠯ ᠳᠤ ᠣᠷᠣᠯᠴᠠᠪᠠ᠃
 
ᠢᠷᠡᠯᠲᠡ᠄ ᠳᠤᠮᠲᠠᠲᠤ ᠤᠯᠤᠰ ᠤᠨ ᠡᠪ ᠬᠠᠮᠲᠤ ᠵᠠᠯᠠᠭᠤᠴᠣᠳ ᠤᠨ ᠡᠪᠯᠡᠯ ᠤᠨ ᠲᠦᠮᠡᠳ ᠵᠡᠬᠦᠨ ᠬᠤᠰᠢᠭᠤᠨ ᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号