ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 145 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/16
    1 ᠰᠠᠷ᠎ᠠ ᠶᠢᠨ 12 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 145 ᠳ᠋ᠤᠭᠠᠷ ᠤᠳᠠᠭᠠᠨ ᠤ ᠬᠤᠷᠠᠯ ᠬᠤᠷᠠᠯᠳᠤᠪᠠ᠃  ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠶ ᠶᠢᠩ ᠬᠤᠷᠠᠯ ᠡᠷᠭᠢᠯᠡᠪᠡ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠥᠬᠦᠳᠡ ᠬᠤᠷᠠᠯ ᠤᠨ ᠠᠯᠪᠠᠨ ᠮᠡᠳᠡᠭᠡ᠂ ᠶᠡᠷᠦᠩᠬᠡᠶ ᠱᠦᠵᠢ ᠰᠢ ᠶᠢᠨ ᠫᠢᠩ ᠤᠨ ᠲᠥᠪᠡᠳ ᠤᠨ ᠰᠢᠭᠠᠽᠧ ᠬᠤᠲᠠ ᠶᠢᠨ ᠳ᠋ᠢᠩ ᠿᠢ ᠰᠢᠶᠠᠨ ᠤ 6.8 ᠲᠠᠰ ᠤᠨ ᠭᠠᠵᠠᠷ ᠬᠥᠳᠡᠯᠦᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 158᠂ 159 ᠳ᠋ᠦ᠋ᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 167 ᠳ᠋ᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠮᠠᠨ ᠤ ᠬᠤᠰᠢᠭᠤᠨ ᠤ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠮᠠᠨ ᠤ ᠬᠤᠰᠢᠭᠤᠨ ᠤ ᠦᠯᠡᠳᠡᠭᠳᠡᠯ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠬᠤᠷᠢᠭ᠎ᠠ ᠱᠤᠭᠤᠮ ᠤᠨ ᠰᠡᠳᠬᠢᠬᠦᠶ ᠶᠢ ᠪᠣᠶ ᠪᠣᠯᠭᠠᠵᠤ᠂ ᠬᠦᠨᠳᠦ ᠶᠡᠭᠡ ᠪᠠᠶᠢᠭᠠᠯᠢ ᠶᠢᠨ ᠭᠠᠮᠰᠢᠭ ᠲᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠠᠢ ᠪᠠᠶᠢᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠢᠴᠢ ᠠᠪᠤᠷᠠᠨ ᠲᠤᠰᠠᠯᠠᠬᠤ ᠠᠵᠢᠯᠲᠠᠨ ᠤ ᠪᠣᠯᠪᠠᠰᠤᠷᠠᠯ ᠢ ᠰᠠᠶᠢᠲᠤᠷ ᠠᠳᠬᠤᠬᠤ ᠬᠡᠷᠡᠭᠲᠡᠶ᠃ ᠵᠠᠮ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠠᠮᠠᠷᠬᠠᠨ ᠲᠦᠭᠵᠢᠷᠡᠬᠦ ᠵᠠᠮ ᠤᠨ ᠬᠡᠰᠡᠭ ᠢ ᠬᠥᠲᠥᠯᠥᠨ ᠵᠢᠯᠣᠭᠤᠳᠴᠤ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠦᠨᠳᠦ ᠣᠨᠴᠠ ᠶᠡᠭᠡ ᠵᠠᠮ ᠬᠠᠷᠢᠯᠴᠠᠭᠠᠨ ᠤ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ᠂  ᠠᠷᠠᠳ ᠤᠯᠠᠨ ᠲᠥᠪᠯᠡᠷᠡᠭᠰᠡᠨ ᠲᠠᠯᠠᠪᠤᠷ ᠵᠡᠷᠭᠡ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠴᠢᠩᠭᠠᠳᠬᠠᠬᠤ ᠬᠡᠷᠡᠭᠲᠡᠢ᠃ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠪᠠᠷᠢᠮᠵᠢᠶᠠᠯᠠᠨ ᠬᠠᠷᠭᠤᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠣᠰᠣᠭᠠᠷ᠂ 2025 ᠣᠨ ᠤ ᠬᠥᠭᠵᠢᠯᠲᠡ ᠶᠢᠨ ᠰᠡᠳᠬᠢᠴᠡ ᠶᠢ ᠰᠠᠶᠢᠲᠤᠷ ᠲᠥᠯᠥᠪᠵᠢᠭᠦᠯᠵᠦ᠂ 2025 ᠣᠨ ᠤ ᠭᠤᠣᠯᠳᠠᠯᠭ᠎ᠠ ᠲᠠᠢ ᠲᠦᠷᠦᠯ ᠵᠦᠢᠯ᠂ ᠡᠭᠦᠷᠭᠡ ᠶᠢᠨ ᠨᠠᠷᠢᠨ ᠲᠠᠩᠰᠠ ᠶᠢ ᠨᠠᠷᠢᠨ ᠬᠢᠨᠠᠮᠠᠭᠠᠢ ᠡᠮᠬᠢᠯᠡᠵᠦ᠂ ᠢᠳᠡᠪᠬᠢᠲᠡᠢ ᠪᠠᠷ ᠥᠭᠡᠳᠡᠯᠡᠨ ᠲᠠᠪᠰᠢᠵᠦ᠂ ᠤᠷᠢᠳᠴᠢᠯᠠᠨ ᠲᠤᠬᠢᠷᠠᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ ᠴᠢᠩᠭ᠎ᠠ ᠠᠩᠬᠠᠷᠴᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃    ᠬᠤᠰᠢᠭᠤᠨ ᠤ ᠤᠳᠤᠷᠢᠳᠤᠯᠭ᠎ᠠ ᠯᠢ ᠷᠦᠢ ᠾᠧᠩ᠂ ᠵᠢᠶᠠ ᠶᠢᠨ ᠹᠧᠩ᠂ ᠴᠧᠨ ᠰᠢ ᠯᠧ ᠵᠢᠴᠢ ᠬᠠᠮᠢᠶ᠎ᠠ ᠪᠥᠬᠦᠶ ᠬᠤᠰᠢᠭᠤᠨ ᠤ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤᠨ ᠤ ᠣᠷᠣᠨ ᠪᠦᠰᠡ ᠶᠢᠨ ᠦᠢᠯᠡᠴᠢᠯᠡᠭᠡᠨ ᠤ ᠲᠥᠪ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠦᠮᠡᠳ ᠵᠡᠬᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号