ᠨᠢᠭᠡ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ | ︵ᠨᠢᠭᠡ︶ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ ᠶᠢᠨ ᠶᠡᠷᠦᠩᠬᠡᠢ ᠪᠡᠶᠡᠯᠡᠭᠦᠯᠦᠭᠰᠡᠨ ᠪᠠᠶᠢᠳᠠᠯ | 2024 ᠣᠨ ᠤ 1 - 12 ᠰᠠᠷ᠎ᠠ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ 229989 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠲᠥᠰᠦᠪ ᠤᠨ ᠣᠷᠣᠯᠭ᠎ᠠ ᠶᠢᠨ | ᠡᠭᠦᠷᠭᠡ 228634 ᠲᠦᠮᠡᠨ ᠲᠥᠭᠦᠷᠢᠭ ᠤᠨ 100.59% ᠶᠢ ᠪᠡᠶᠡᠯᠡᠭᠦᠯᠵᠦ᠂ ᠲᠦᠷᠦᠭᠦᠤ ᠵᠢᠯ ᠤᠨ ᠠᠳᠠᠯᠢ | ᠬᠤᠭᠤᠴᠠᠭᠠᠨ ᠤ ᠬᠢ ᠠᠴᠠ 14297 ᠲᠦᠮᠡᠨ ᠲᠥᠭᠦᠷᠢᠭ ᠨᠡᠮᠡᠭᠳᠡᠵᠦ᠂ 6.63% ᠪᠠᠷ ᠨᠡᠮᠡᠭᠳᠡᠪᠡ᠃ ᠡᠭᠦᠨ ᠳᠤ | ᠄ ᠭᠠᠶᠢᠯᠢ ᠲᠠᠲᠠᠪᠤᠷᠢ ᠶᠢᠨ ᠣᠷᠣᠯᠭ᠎ᠠ 201714 ᠲᠦᠮᠡᠨ ᠲᠥᠭᠦᠷᠢᠭ ᠢ ᠪᠡᠶᠡᠯᠡᠭᠦᠯᠵᠦ᠂ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢᠨ 87.71% ᠶᠢ ᠡᠵᠡᠯᠡᠪᠡ᠃ ᠭᠠᠶᠢᠯᠢ ᠶᠢᠨ ᠪᠤᠰᠤ ᠣᠷᠣᠯᠭ᠎ᠠ | 28275 ᠲᠦᠮᠡᠨ ᠲᠥᠭᠦᠷᠢᠭ ᠢ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ | 12.29% ᠶᠢ ᠡᠵᠡᠯᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠡᠶᠢᠲᠡ 3424 ᠲᠦᠮᠡᠨ | ᠲᠥᠭᠦᠷᠢᠭ ᠨᠡᠮᠡᠭᠳᠡᠭᠰᠡᠨ ᠪᠠᠶᠢᠨ᠎ᠠ᠃ | ︵ᠬᠤᠶᠠᠷ︶ ᠡᠩ ᠤᠨ ᠣᠯᠠᠨ ᠨᠡᠶᠢᠲᠡ ᠶᠢᠨ ᠲᠥᠰᠥᠪ ᠤᠨ ᠭᠠᠶᠢᠯᠢ ᠶᠢᠨ ᠲᠦᠷᠦᠯ ᠤᠨ ᠣᠷᠣᠯᠭ᠎ᠠ ᠶᠢ | ᠪᠡᠶᠡᠯᠡᠭᠦᠯᠦᠭᠰᠡᠨ ᠪᠠᠶᠢᠳᠠᠯ | ᠦᠷᠳᠡᠭ ᠨᠡᠮᠡᠭᠳᠡᠯ ᠤᠨ ᠭᠠᠶᠢᠯᠢ 93151 ᠲᠦᠮᠡᠨ ᠲᠦᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 3.66% ᠪᠠᠷ ᠨᠡᠮᠡᠭᠳᠡᠪᠡ᠃ | ᠬᠤᠶᠠᠷ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ | ︵ᠨᠢᠭᠡ︶ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠶᠡᠷᠦᠩᠬᠡᠢ ᠪᠡᠶᠡᠯᠡᠭᠦᠯᠦᠭᠰᠡᠨ ᠪᠠᠶᠢᠳᠠᠯ | 1 - 12 ᠰᠠᠷ᠎ᠠ ᠳᠤ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠨᠡᠶᠢᠲᠡ | 515738 ᠲᠦᠮᠡᠨ ᠲᠥᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ | 67169 ᠲᠦᠮᠡᠨ ᠲᠥᠭᠦᠷᠢᠭ ᠪᠠᠭᠠᠰᠴᠤ᠂ 11.52% ᠢᠶᠠᠷ ᠪᠠᠭᠤᠷᠠᠪᠠ᠃ ᠭᠤᠤᠯᠳᠠᠯᠭ᠎ᠠ ᠲᠠᠢ ᠵᠠᠷᠤᠯᠭ᠎ᠠ ᠶᠢ | ᠪᠡᠶᠡᠯᠡᠭᠦᠯᠦᠭᠰᠡᠨ ᠪᠠᠶᠢᠳᠠᠯ᠄ ᠰᠤᠷᠭᠠᠨ ᠬᠥᠮᠦᠵᠢᠯ ᠤᠨ ᠵᠠᠷᠤᠯᠭ᠎ᠠ 62264 ᠲᠦᠮᠡᠨ ᠲᠥᠭᠦᠷᠢᠭ ᠲᠤ ᠬᠦᠷᠴᠦ᠂ | ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.68 % ᠪᠠᠷ ᠨᠡᠮᠡᠭᠳᠡᠪᠡ᠃ ᠨᠡᠶᠢᠭᠡᠮ ᠤᠨ ᠪᠠᠲᠤᠯᠠᠭ᠎ᠠ ᠪᠠ | ᠠᠵᠢᠯ ᠣᠯᠭᠤᠯᠲᠠ ᠶᠢᠨ ᠵᠠᠷᠤᠯᠭ᠎ᠠ 96485 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 7.68% ᠪᠠᠷ ᠨᠡᠮᠡᠭᠳᠡᠪᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ | 27143 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 22.83 | % ᠪᠠᠷ ᠨᠡᠮᠡᠭᠳᠡᠪᠡ᠃ ᠲᠠᠷᠢᠶᠠᠯᠠᠩ ᠣᠶ ᠰᠢᠭᠤᠶ ᠤᠰᠤᠨ ᠤ ᠵᠠᠷᠤᠯᠭ᠎ᠠ 76758 ᠲᠦᠮᠡᠨ ᠲᠥᠭᠦᠷᠢᠭ ᠲᠤ ᠬᠦᠷᠴᠦ | ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 17.22 % ᠪᠠᠷ ᠪᠠᠭᠤᠷᠠᠪᠠ᠃ | ︵ᠬᠤᠶᠠᠷ︶ ᠡᠩ ᠤᠨ ᠣᠯᠠᠨ ᠨᠡᠶᠢᠲᠡ ᠶᠢᠨ ᠲᠦᠰᠦᠪ ᠤᠨ ᠵᠠᠷᠤᠯᠭ᠎ᠠ ᠶᠢᠨ ᠳᠡᠰ ᠬᠤᠪᠢᠶᠠᠭᠰᠠᠨ ᠪᠠᠶᠢᠳᠠᠯ | ᠬᠤᠰᠢᠭᠤᠨ ᠤ ᠲᠣᠰ ᠱᠠᠲᠤᠨ ᠳᠤ ᠨᠡᠶᠢᠲᠡ 440539 ᠲᠦᠮᠡᠨ ᠲᠥᠭᠦᠷᠢᠭ ᠵᠠᠷᠤᠴᠠᠭᠤᠯᠵᠤ᠂ ᠳᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ 115841 ᠲᠦᠮᠡᠨ ᠲᠥᠭᠦᠷᠢᠭ ᠪᠠᠭᠠᠰᠴᠤ᠂ 20.82% ᠢᠶᠠᠷ | ᠪᠠᠭᠤᠷᠠᠪᠠ᠃ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠨᠡᠶᠢᠲᠡ 75199 ᠲᠦᠮᠡᠨ | ᠲᠥᠭᠦᠷᠢᠭ ᠵᠠᠷᠤᠴᠠᠭᠤᠯᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 48672 ᠲᠦᠮᠡᠨ ᠲᠥᠭᠦᠷᠢᠭ | ᠨᠡᠮᠡᠭᠳᠡᠵᠦ᠂ 183.488% ᠨᠡᠮᠡᠭᠳᠡᠪᠡ᠃ |