ᠨᠡᠶᠢᠭᠡᠮ ᠤᠨ ᠠᠪᠤᠷᠠᠨ ᠲᠤᠰᠠᠯᠠᠯᠲᠠ ᠶᠢᠨ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ | ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ | ᠰᠠᠶᠢᠲᠤᠷ ᠪᠠᠲᠤᠯᠠᠵᠤ᠂ ᠠᠮᠠᠷᠠᠯᠲᠠ ᠶᠢᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ | ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ | ᠬᠤᠷᠢᠭᠯᠠᠬᠤ ᠶᠢᠨ ᠲᠥᠯᠥᠭᠡ᠂ 12 ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠲᠦᠮᠡᠳ ᠵᠡᠭᠦᠨ | ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ︽ᠰᠢᠨ᠎ᠡ ᠵᠢᠯ︾᠂ ︽ᠴᠠᠭᠠᠨ ᠰᠠᠷ᠎ᠠ︾ ᠶᠢᠨ | ᠬᠤᠭᠤᠴᠠᠭᠠᠨ ᠳᠠᠬᠢ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠵᠦᠢᠯ ᠢ ᠪᠠᠲᠤᠯᠠᠬᠤ ᠪᠠ ᠠᠷᠠᠳ ᠤᠨ | ᠶᠠᠪᠤᠳᠠᠯ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠤᠭᠤᠯᠪᠠ᠃ | ᠬᠤᠷᠠᠯ ᠳᠡᠭᠡᠷ᠎ᠡ᠂ ︽2025 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠦᠴᠢᠷᠳᠡᠯᠲᠡᠢ | ᠣᠯᠠᠨ ᠲᠦᠮᠡᠨ ᠤ ᠦᠨᠳᠦᠰᠦᠨ ᠵᠦᠢᠯ ᠢ ᠪᠠᠲᠤᠯᠠᠬᠤ ᠠᠵᠢᠯ ᠢ ᠰᠠᠶᠢᠲᠤᠷ ᠬᠢᠬᠦ ᠲᠤᠬᠠᠢ ᠬᠥᠬᠡᠬᠤᠲᠠ ᠶᠢᠨ | ᠠᠷᠠᠳ ᠤᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ︾ ᠢ ᠤᠯᠠᠮᠵᠢᠯᠠᠵᠤ᠂ ᠰᠢᠨ᠎ᠡ ᠵᠢᠯ ᠴᠠᠭᠠᠨ ᠰᠠᠷ᠎ᠠ ᠶᠢᠨ | ᠬᠤᠭᠤᠴᠠᠭᠠᠨ ᠳᠠᠬᠢ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ | ᠠᠮᠢᠳᠤᠷᠠᠯ ᠤᠨ ᠠᠪᠤᠷᠠᠨ ᠲᠤᠰᠠᠯᠠᠬᠤ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠨ᠎ᠠ᠃ ᠬᠤᠶᠠᠷ ᠲᠤ | ᠂ ᠳᠣᠣᠷ᠎ᠠ ᠣᠷᠤᠯᠠᠭᠠ ᠬᠥᠮᠦᠨ ᠠᠮᠠ ᠵᠡᠷᠭᠡ ᠣᠨᠴᠠᠭᠠᠢ ᠬᠦᠴᠢᠷᠳᠡᠯᠲᠡᠶ ᠬᠥᠮᠦᠰ ᠢ ᠠᠩᠬᠠᠷᠬᠤ ᠪᠠᠨ ᠴᠢᠩᠭᠠᠳᠬᠠᠵᠤ | ᠂ ᠬᠥᠳᠡᠯᠦᠩᠭᠦᠶ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠰᠢᠢᠳᠪᠦᠷᠢᠯᠡᠯᠲᠡ ᠶᠢ ᠴᠢᠩᠭᠠᠳᠬᠠᠨ᠎ᠠ᠃ ᠭᠤᠷᠪᠠ ᠳᠤ᠂ | ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠠᠪᠤᠷᠠᠨ ᠲᠤᠰᠠᠯᠠᠬᠤ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠦᠷᠪᠡ ᠳᠤ᠂ ᠰᠢᠨ᠎ᠡ ᠵᠢᠯ ᠴᠠᠭᠠᠨ ᠰᠠᠷ᠎ᠠ ᠶᠢᠨ | ᠬᠤᠭᠤᠴᠠᠭᠠᠨ ᠳᠠᠬᠢ ᠨᠡᠶᠢᠭᠡᠮ ᠤᠨ ᠠᠪᠤᠷᠠᠨ ᠲᠤᠰᠠᠯᠠᠬᠤ ᠬᠠᠯᠠᠮᠰᠢᠯ ᠤᠲᠠᠰᠤ ᠶᠢ ᠰᠠᠶᠢᠲᠤᠷ ᠰᠠᠬᠢᠵᠤ᠂ ᠨᠡᠶᠢᠭᠡᠮ ᠤᠨ | ᠠᠪᠤᠷᠠᠨ ᠲᠤᠰᠠᠯᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠲᠠᠪᠤ ᠳᠤ᠂ ᠬᠦᠴᠢᠷᠳᠡᠯᠲᠡᠢ ᠤᠯᠠᠨ | ᠲᠦᠮᠡᠨ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠰᠢᠨ᠎ᠡ ᠵᠢᠯ ᠴᠠᠭᠠᠨ | ᠰᠠᠷ᠎ᠠ ᠠᠴᠠ ᠡᠮᠦᠨ᠎ᠡ ᠡᠷᠬᠢᠨ ᠦᠵᠡᠵᠦ ᠲᠣᠬᠤᠨᠢᠭᠤᠯᠬᠤ ᠵᠡᠷᠭᠡ ᠠᠵᠢᠯ ᠢ ᠢᠳᠡᠪᠬᠢᠲᠡᠢ ᠥᠷᠨᠢᠭᠦᠯᠦᠨ᠎ᠡ᠃ | ᠡᠭᠦᠨ ᠤ ᠬᠠᠮᠲᠤ᠂ ︽ᠬᠤᠤᠰ ᠪᠠᠶᠠᠷ︾ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠲᠠᠰᠤᠭ ︽ᠬᠤᠤᠰ ᠪᠠᠶᠠᠷ︾ ᠤᠨ | ᠬᠤᠭᠤᠴᠠᠭᠠᠨ ᠳᠠᠬᠢ ᠠᠮᠤᠷ ᠲᠦᠪᠰᠢᠨ ᠲᠣᠭᠲᠠᠭᠤᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ | ᠲᠠᠨᠢᠵᠤ᠂ ᠢᠯᠠᠩᠭᠤᠶ᠎ᠠ ᠵᠢᠯ ᠤᠨ ᠡᠴᠦᠰ ᠤᠨ ᠵᠠᠩᠭᠢᠯᠠᠭ᠎ᠠ ᠶᠢᠨ ᠬᠤᠭᠤᠴᠠᠭᠠᠨ ᠳᠤ᠂ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ | ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠠᠮᠤᠷ ᠲᠦᠪᠰᠢᠨ ᠤ | ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠭᠤᠤᠯᠳᠠᠯᠭ᠎ᠠ ᠲᠠᠢ ᠣᠷᠣᠨ | ᠪᠦᠰᠡ᠂ ᠭᠤᠤᠯᠳᠠᠯᠭ᠎ᠠ ᠲᠠᠢ ᠭᠤᠭᠴᠤᠭ᠎ᠠ᠂ ᠭᠤᠤᠯᠳᠠᠯᠭ᠎ᠠ ᠲᠠᠢ ᠲᠥᠬᠦᠭᠡᠷᠦᠮᠵᠢ ᠶᠢᠨ ᠠᠮᠤᠷ ᠲᠦᠪᠰᠢᠨ ᠤ | ᠪᠠᠶᠢᠴᠠᠭᠠᠯᠲᠠ ᠶᠢ ᠴᠢᠩᠭᠠᠳᠬᠠᠵᠤ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠪᠠ ᠠᠷᠠᠳ ᠤᠨ | ᠶᠠᠪᠤᠳᠠᠯ ᠤᠨ ᠦᠢᠯᠡᠴᠢᠯᠡᠬᠦ ᠡᠲᠡᠭᠡᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ | ᠬᠡᠷᠡᠭᠲᠡᠶ᠃ |