ᠲᠦᠮᠡᠳ ᠵᠡᠭᠦᠨ ᠬᠤᠰᠢᠭᠤ ᠰᠢᠨ᠎ᠡ ᠵᠢᠯ ᠢ ᠤᠭᠲᠤᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/2
    ᠲᠦᠮᠡᠳ ᠵᠡᠭᠦᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠭᠦᠨᠵᠡᠭᠡᠶ ᠥᠷᠨᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠨᠡᠶᠢᠭᠡᠮ ᠤᠨ ᠰᠢᠨ᠎ᠡ ᠰᠤᠷᠲᠠᠯ ᠢ ᠪᠠᠳᠠᠷᠠᠭᠤᠯᠤᠨ᠂ ᠪᠣᠯᠪᠠᠰᠤᠨ ᠬᠡᠪ ᠰᠤᠷᠲᠠᠯ ᠢ ᠰᠠᠨᠠᠭᠠᠴᠢᠯᠠᠬᠤ ᠶᠢᠨ ᠲᠥᠯᠥᠭᠡ᠂ 12 ᠰᠠᠷ᠎ᠠ ᠶᠢᠨ 30 ᠤ ᠡᠳᠦᠷ᠂ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠲᠦᠮᠡᠳ ᠵᠡᠭᠦᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ  ᠶᠢᠨ  ᠦᠢᠯᠡᠴᠢᠯᠡᠭᠡᠨ ᠤ ᠲᠥᠪ ᠠᠴᠠ ᠳᠠᠭᠠᠭᠠᠨ ᠡᠷᠭᠢᠯᠡᠭᠰᠡᠨ ︽ᠣᠨᠣᠯ ᠤᠨ ᠢᠷᠠᠭᠤ ᠲᠤᠶᠠᠭ᠎ᠠ ᠪᠠᠷ ᠠᠶᠠᠨ ᠵᠠᠮ ᠳᠤ ᠪᠣᠯᠪᠠᠰᠤᠨ  ᠦᠢᠯᠡᠳᠦᠯᠭᠡ ᠰᠢᠨ᠎ᠡ ᠬᠠᠭᠤᠳᠠᠰᠤ ᠶᠢ ᠡᠬᠢᠯᠡᠭᠦᠯᠬᠦ︾ ᠰᠢᠨ᠎ᠡ ᠵᠢᠯ ᠢ ᠤᠭᠲᠤᠬᠤ ᠠᠵᠢᠯᠯᠠᠭ᠎ᠠ ᠲᠦᠮᠡᠳ ᠵᠡᠭᠦᠨ ᠬᠤᠰᠢᠭᠤᠨ ᠤ ᠤᠷᠠᠯᠢᠭ ᠤᠨ ᠲᠥᠪ ᠲᠤ ᠦᠪᠡᠳᠡᠭᠰᠢ ᠶᠡᠭᠡ ᠪᠠᠷ ᠶᠠᠪᠤᠭᠳᠠᠪᠠ᠃    ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠲᠦᠮᠡᠳ ᠵᠡᠭᠦᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠳᠤᠮᠳᠠ ᠲᠣᠪᠤᠶᠢᠮ᠎ᠠ ᠢᠯᠡᠷᠡᠯ ᠲᠠᠢ ᠰᠢᠯᠢᠳᠡᠭ ᠤᠬᠠᠭᠤᠯᠤᠨ ᠲᠠᠶᠢᠯᠪᠤᠷᠢᠯᠠᠭᠴᠢ᠂ ᠰᠢᠶᠠᠩ ᠪᠠᠯᠭᠠᠰᠤ᠂ ᠣᠷᠣᠨ ᠪᠦᠰᠡ ᠶᠢᠨ ᠦᠢᠯᠡᠴᠢᠯᠡᠭᠡᠨ ᠤ ᠲᠥᠪ᠂ ᠵᠥᠪᠯᠡᠯ ᠠᠯᠪᠠᠨ ᠬᠡᠷ ᠲᠣᠪᠴᠢᠶ᠎ᠠ ᠵᠢᠴᠢ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ᠂ ᠥᠯᠢᠭᠡᠷ ᠳᠠᠭᠤᠷᠢᠶᠠᠯ ᠢ ᠪᠣᠶ ᠪᠣᠯᠭᠠᠵᠤ᠂ ᠨᠠᠩ ᠣᠯᠠᠨ ᠨᠢᠭᠡᠴᠡ ᠪᠠ ᠬᠤᠪᠢ ᠬᠥᠮᠦᠨ ᠢ ᠵᠣᠷᠢᠭᠵᠢᠭᠤᠯᠤᠨ ᠣᠨᠣᠯ ᠤᠨ ᠤᠬᠠᠭᠤᠯᠤᠨ ᠲᠠᠶᠢᠯᠪᠤᠷᠢᠯᠠᠬᠤ ᠪᠠ ᠪᠣᠯᠪᠠᠰᠤᠨ ᠤ ᠦᠢᠯᠡᠳᠦᠯᠭᠡ ᠳᠤ ᠢᠳᠡᠪᠬᠢᠲᠡᠶ ᠣᠷᠣᠯᠴᠠᠭᠤᠯᠵᠤ᠂ ᠪᠥᠬᠦ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ ᠶᠤᠮ᠃    ᠠᠵᠢᠯᠯᠠᠭ᠎ᠠ ᠨᠢ ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠠᠪᠴᠢᠷᠠᠭᠰᠠᠨ ᠪᠥᠵᠢᠭ ︽  ᠸᠠᠨ ᠯᠢ︾ ᠪᠠᠶᠢᠵᠤ᠂ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢᠶᠠᠷ ᠠᠬᠤᠶ ᠲᠠᠯᠠᠪᠠᠶ ᠶᠢᠨ ᠠᠭᠤᠷ ᠠᠮᠢᠰᠬᠤᠯ ᠢ ᠬᠥᠭᠵᠢᠭᠡᠵᠦ ᠂ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠵᠠᠯᠭᠠᠭ᠎ᠠ ᠪᠠᠷ ᠶᠠᠪᠤᠭᠳᠠᠪᠠ᠃ ᠳᠠᠷᠠᠭ᠎ᠠ ᠳᠤᠨᠢ᠂ ᠲᠦᠮᠡᠳ ᠵᠡᠭᠦᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠤᠨᠤᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠪᠣᠯᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠳᠤᠮᠳᠠ ᠭᠠᠷᠮᠠᠭᠠᠢ ᠬᠤᠪᠢ ᠬᠥᠮᠦᠨ ᠪᠣᠯᠤᠨ ᠬᠠᠮᠲᠤ ᠨᠡᠶᠢᠲᠡ ᠶᠢ ᠮᠠᠭᠲᠠᠨ ᠰᠠᠶᠢᠰᠢᠶᠠᠪᠠ᠃
C:\Users\bch\Desktop\1.02\1.02  图文图1.jpg
    ᠲᠣᠰ ᠤᠳᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ ᠥᠷᠭᠡᠨ ᠣᠯᠠᠨ ᠨᠢᠭᠡᠴᠢ ᠵᠢᠴᠢ ᠬᠤᠪᠢ ᠬᠥᠮᠦᠨ ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠳᠤ ᠣᠷᠣᠯᠴᠠᠬᠤ ᠬᠠᠯᠠᠭᠤᠨ ᠰᠡᠳᠬᠢᠯᠭᠡ ᠶᠢ  ᠭᠦᠢᠴᠡᠳ ᠬᠥᠭᠵᠢᠭᠡᠭᠰᠡᠨ ᠢᠶᠠᠷ ᠪᠠᠷᠠᠬᠤ ᠥᠬᠡᠶ᠂ ᠲᠦᠮᠡᠳ ᠵᠡᠭᠦᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠭᠦᠨᠵᠡᠭᠡᠶᠢᠷᠡᠨ ᠤᠷᠤᠭᠰᠢᠯᠠᠬᠤ ᠶᠢ ᠬᠦᠴᠦᠲᠡᠶ ᠠᠬᠢᠭᠤᠯᠵᠤ᠂ ᠪᠥᠬᠦ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠤ ᠲᠣᠭᠲᠠᠭᠤᠨ ᠢᠶᠠᠷ ᠳᠡᠭᠡᠭᠰᠢᠯᠡᠬᠦ ᠶᠢ ᠪᠡᠶᠡᠯᠡᠭᠦᠯᠦᠭᠰᠡᠨ ᠪᠥᠭᠡᠳ ᠪᠠᠰᠠ ᠣᠯᠠᠨ ᠢ ᠪᠠᠶᠠᠷ ᠬᠥᠷ ᠲᠠᠢ ᠠᠭᠤᠷ ᠠᠮᠢᠰᠬᠤᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠵᠢᠯ ᠢ ᠬᠠᠮᠲᠤ ᠪᠠᠷ ᠤᠭᠲᠤᠪᠠ᠃    ᠳᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠪᠣᠯᠪᠠᠰᠤᠨ ᠤ ᠦᠢᠯᠡᠳᠦᠯᠭᠡ ᠶᠢᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯᠯᠠᠭ᠎ᠠ ᠶᠢᠨ ᠬᠡᠯᠪᠡᠷᠢ ᠪᠠ ᠠᠭᠤᠯᠭ᠎ᠠ ᠶᠢ ᠪᠠᠶᠠᠯᠢᠭᠵᠢᠭᠤᠯᠤᠨ᠂ ᠨᠠᠩ ᠣᠯᠠᠨ ᠬᠦᠴᠦᠨ ᠢ ᠨᠢᠭᠲᠠᠷᠠᠭᠤᠯᠵᠤ᠂ ᠨᠠᠮ ᠤᠨ ᠰᠢᠨ᠎ᠡ ᠶᠢ ᠡᠭᠦᠳᠬᠦ ᠣᠨᠣᠯ ᠢ ︿ᠡᠭᠡᠯ ᠠᠷᠠᠳ ᠤᠨ ᠭᠡᠷ ᠲᠤ ᠣᠷᠣᠭᠤᠯᠬᠤ﹀ ᠪᠣᠯᠭᠠᠵᠤ᠂ ᠪᠥᠬᠦ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ ᠴᠥᠬᠦᠷᠡᠰᠢ ᠥᠬᠡᠶ ᠴᠢᠷᠮᠠᠶᠢᠵᠤ᠂ ᠪᠣᠯᠪᠠᠰᠤᠨ ᠡᠶ᠎ᠡ ᠵᠣᠬᠢᠴᠠᠩᠭᠤᠶ ᠰᠠᠶᠢᠨ ᠰᠠᠶᠢᠬᠠᠨ ᠢᠷᠡᠭᠡᠳᠦᠶ ᠶᠢ ᠭᠠᠷ ᠬᠤᠯᠪᠣᠨ ᠬᠠᠮᠲᠤ ᠪᠠᠷ ᠴᠣᠭᠴᠠᠯᠠᠨ᠎ᠠ︕
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号