ᠪᠠᠢ ᠮᠢᠶᠣᠣ ᠽᠢ ᠪᠠᠯᠭᠠᠰᠤ ᠬᠤᠸᠠᠷ ᠫᠤᠤᠵᠢᠩ ᠤᠨ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/1/20
    ᠳᠡᠭᠡᠳᠦ ᠱᠠᠲᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠂ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ 2025 ᠣᠨ ᠤ 1 ᠰᠠᠷ᠎ᠠ ᠶᠢᠨ 17 ᠤ ᠡᠳᠦᠷ᠂ ᠪᠠᠶ ᠮᠢᠶᠣᠣ ᠽᠢ ᠪᠠᠯᠭᠠᠰᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠯᠪᠠᠨ ᠬᠡᠷ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠭᠠᠵᠠᠷ ᠲᠠᠢ ᠬᠠᠮᠲᠤᠷᠠᠨ ᠪᠠᠯᠭᠠᠰᠤᠨ ᠤ ᠳᠣᠲᠣᠷᠠᠬᠢ ᠬᠤᠸᠠᠷ ᠫᠤᠤᠵᠢᠩ ᠤᠨ ᠲᠠᠯᠠᠪᠠᠶ ᠶᠢᠨ ᠪᠣᠷᠣᠯᠠᠭᠤᠯᠬᠤ ᠲᠠᠯᠠᠪᠤᠷ ᠲᠤ ᠲᠤᠰᠬᠠᠶ ᠪᠠᠶᠢᠴᠠᠭᠠᠯᠲᠠ ᠶᠢᠨ ᠠᠵᠢᠯ ᠥᠷᠨᠢᠭᠦᠯᠪᠡ᠃    ᠲᠣᠰ ᠤᠳᠠᠭᠠᠨ ᠤ ᠪᠠᠶᠢᠴᠠᠭᠠᠯᠲᠠ ᠳᠤ᠂ ᠭᠤᠣᠯᠳᠠᠭᠤ ᠬᠤᠸᠠᠷ ᠫᠤᠤᠵᠢᠩ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠳᠡᠯᠭᠡᠭᠦᠷ ᠤᠨ ᠬᠤᠸᠠᠷ ᠫᠤᠤᠵᠢᠩ ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ᠂ ᠡᠵᠡᠩᠨᠡᠯᠲᠡ ᠶᠢᠨ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠨᠢᠭᠡᠳᠦᠯᠲᠡᠶ ᠪᠥᠭᠡᠳ ᠬᠦᠴᠦᠨ ᠲᠠᠢ ᠪᠠᠶᠢᠬᠤ ᠡᠰᠡᠬᠦ᠂ ︽ᠭᠤᠷᠪᠠ ᠦᠭᠡᠢ︾ ᠬᠤᠸᠠᠷ ᠫᠤᠤᠵᠢᠩ ᠪᠣᠷᠣᠯᠠᠭᠤᠯᠬᠤ ᠡᠵᠡᠩᠨᠡᠯᠲᠡ ᠶᠢᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ᠂ ᠬᠤᠸᠠᠷ ᠫᠤᠤᠵᠢᠩ ᠢ ᠳᠦᠷᠢᠮᠵᠢᠯ ᠶᠣᠰᠣᠭᠠᠷ ᠳᠡᠯᠭᠡᠵᠦ ᠲᠠᠯᠪᠢᠭᠰᠠᠨ ᠡᠰᠡᠬᠦ︔ ᠡᠵᠡᠩᠨᠡᠯᠲᠡ ᠶᠢᠨ ᠲᠠᠯᠠᠪᠤᠷ ᠲᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠤᠭᠰᠠᠨ ᠡᠰᠡᠬᠦ᠂ ᠲᠠᠮᠠᠬᠢ ᠴᠠᠭᠠᠵᠠᠯᠠᠬᠤ ᠭᠠᠯ ᠤᠨ ᠲᠡᠮᠳᠡᠭ ᠭᠠᠷᠭᠠᠭᠰᠠᠨ ᠡᠰᠡᠬᠦ᠂ ᠬᠤᠸᠠᠷ ᠫᠤᠤᠵᠢᠩ ᠪᠣᠷᠣᠯᠠᠭᠤᠯᠬᠤ ᠲᠤᠰᠬᠠᠢ ᠬᠠᠶᠢᠷᠴᠠᠭ ᠭᠠᠷᠭᠠᠭᠰᠠᠨ ᠡᠰᠡᠬᠦ᠂ ᠡᠷᠬᠢᠨ ᠲᠣᠭᠤᠷᠢᠨ ᠤ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠲᠣᠭᠲᠠᠭᠠᠯ ᠶᠣᠰᠣᠭᠠᠷ ᠵᠢᠵᠢᠭᠯᠡᠨ ᠬᠤᠳᠠᠯᠳᠤᠬᠤ ᠨᠢᠭᠡᠴᠢ ᠶᠢᠨ ᠦᠯᠡᠳᠡᠭᠡᠯ ᠬᠡᠮᠵᠢᠶ᠎ᠡ ᠶᠢ ᠬᠢᠵᠠᠭᠠᠷᠯᠠᠭᠰᠠᠨ ᠡᠰᠡᠬᠦ ᠵᠡᠷᠭᠡ ᠪᠠᠶᠢᠳᠠᠯ ᠢ ᠪᠠᠶᠢᠴᠠᠭᠠᠪᠠ᠃    ᠪᠠᠶᠢᠴᠠᠭᠠᠯᠲᠠ ᠶᠢᠨ ᠶᠠᠪᠤᠴᠠ ᠳᠤ᠂ ᠠᠵᠢᠯᠲᠠᠳ ᠬᠤᠳᠠᠯᠳᠤᠭᠠᠴᠢᠳ ᠲᠤ ᠬᠤᠸᠠᠷ ᠫᠤᠤᠵᠢᠩ ᠤᠨ ᠬᠠᠮᠢᠶ᠎ᠠ ᠪᠦᠬᠦᠢ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ ᠪᠠᠰᠠ ᠡᠵᠡᠩᠨᠡᠯᠲᠡ ᠶᠢᠨ ᠡᠷᠦᠬᠡ ᠳᠤ ᠵᠠᠷᠢᠮ ᠦᠨᠡᠨ ᠪᠣᠳᠠᠲᠠᠢ ᠬᠡᠷᠡᠭ ᠤᠨ ᠵᠢᠱᠢᠶ᠎ᠡ ᠶᠢ ᠵᠢᠭᠰᠠᠭᠠᠵᠤ᠂ ᠬᠠᠤᠯᠢ ᠪᠤᠰᠤ ᠪᠠᠷ ᠬᠤᠸᠠᠷ ᠫᠤᠤᠵᠢᠩ ᠤᠨ ᠬᠤᠣᠷ ᠬᠥᠨᠥᠭᠡᠯᠳᠦ ᠴᠢᠨᠠᠷ ᠢ ᠴᠢᠩᠭᠠᠳᠬᠠᠵᠤ᠂ ᠡᠵᠡᠩᠨᠡᠯᠲᠡ ᠶᠢᠨ ᠡᠷᠦᠬᠡ ᠶᠢ ᠴᠠᠭ ᠢᠮᠠᠭᠲᠠ ᠠᠮᠤᠷ ᠲᠦᠪᠰᠢᠨ ᠤ ᠬᠥᠪᠴᠢ ᠶᠢ ᠴᠢᠩᠭᠠᠯᠠᠵᠤ᠂ ᠬᠤᠸᠠᠷ ᠫᠤᠤᠵᠢᠩ ᠬᠠᠳᠠᠭᠠᠯᠠᠵᠤ ᠪᠣᠷᠣᠯᠠᠭᠤᠯᠬᠤ ᠭᠠᠵᠠᠷ ᠤᠨ ᠳᠣᠲᠣᠷᠠᠬᠢ ᠳᠤᠯᠠᠭᠠᠨ ᠤ ᠬᠡᠮᠵᠢᠶ᠎ᠡ ᠶᠢᠨ ᠬᠤᠪᠢᠷᠠᠯᠲᠠ ᠶᠢ ᠨᠢᠭᠲᠠ ᠠᠩᠬᠠᠷᠴᠤ᠂ ᠡᠳᠦᠷ ᠲᠤᠲᠤᠮ ᠤᠨ ᠪᠠᠶᠢᠴᠠᠭᠠᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ᠂ ᠠᠷᠠᠳ ᠣᠯᠠᠨ ᠪᠣᠯᠤᠨ ᠲᠣᠰ ᠪᠡᠶ᠎ᠡ ᠶᠢᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠳᠠᠷᠠᠭᠠᠴᠢ ᠶᠢᠨ ᠠᠯᠬᠤᠮ ᠳᠤ᠂ ᠪᠠᠢ ᠮᠢᠶᠣᠣ ᠽᠢ ᠪᠠᠯᠭᠠᠰᠤ ᠦᠷᠭᠦᠯᠵᠢᠯᠡᠨ ᠬᠠᠷᠢᠶ᠎ᠠ ᠣᠷᠣᠨ ᠤ ᠪᠠᠨ ᠲᠣᠭᠤᠷᠢᠨ ᠪᠠᠶᠢᠴᠠᠭᠠᠬᠤ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠯ᠎ᠡ ᠵᠦᠢᠯ ᠤᠨ ᠠᠮᠤᠷ ᠲᠦᠪᠰᠢᠨ ᠤ ᠭᠡᠮ ᠰᠣᠭᠤᠭ ᠢ ᠦᠨᠡᠨᠬᠦ ᠠᠷᠢᠯᠭᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ᠂ ᠲᠣᠭᠲᠠᠭᠤᠨ᠂ ᠥᠯᠵᠡᠢ ᠪᠡᠯᠭᠡ ᠲᠠᠢ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃
 
ᠢᠷᠡᠯᠲᠡ᠄ ᠪᠠᠢ ᠮᠢᠶᠣᠣ ᠽᠢ ᠪᠠᠯᠭᠠᠰᠣ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号