ᠬᠠᠷ᠎ᠠ ᠤᠰᠤ  ᠶᠢᠨ ᠭᠤᠷᠪᠠᠳᠤᠭᠠᠷ ᠬᠤᠭᠤᠴᠠᠭᠠᠨ ᠤ ᠮᠥᠰᠥ ᠴᠠᠰᠤᠨ ᠤ ᠪᠠᠶᠠᠷ ᠤᠨ ᠲᠦᠷ ᠴᠠᠭ ᠤᠨ ᠬᠦᠷᠢᠶᠡᠯᠡᠩ ᠬᠠᠭᠠᠬᠤ ᠠᠯᠪᠠᠨ ᠵᠠᠷ
ᠨᠡᠶᠢᠲᠡᠯᠡᠭᠰᠡᠨ ᠴᠠᠭ᠄
2025/1/20
     ᠣᠶᠢᠷ᠎ᠠ ᠶᠢᠨ ᠬᠤᠭᠤᠴᠠᠭᠠᠨ ᠳᠤ ᠴᠠᠭ ᠠᠭᠤᠷ ᠤᠨ ᠨᠥᠯᠥᠭᠡᠯᠡᠯ ᠠᠴᠠ ᠪᠣᠯᠵᠤ᠂ ᠵᠤᠭᠠᠴᠠᠭᠰᠠᠳ ᠤᠨ ᠠᠮᠤᠷ ᠲᠥᠪᠰᠢᠨ ᠪᠣᠯᠤᠨ ᠤᠷᠣᠭᠰᠢᠲᠠᠢ ᠨᠠᠭᠠᠳᠬᠤ ᠶᠢ ᠪᠠᠲᠤᠯᠠᠬᠤ ᠶᠢᠨ ᠲᠥᠯᠥᠭᠡ᠂ ᠬᠠᠷ᠎ᠠ ᠤᠰᠤ ᠶᠢᠨ ᠭᠤᠷᠪᠠᠳᠤᠭᠠᠷ ᠬᠤᠭᠤᠴᠠᠭᠠᠨ ᠤ ᠮᠥᠰᠥ ᠴᠠᠰᠤᠨ ᠤ ᠨᠠᠶᠢᠷ 1 ᠰᠠᠷ᠎ᠠ ᠶᠢᠨ 20 - 25 ᠤ ᠡᠳᠦᠷ ᠬᠤᠭᠤᠷᠣᠨᠳᠣ ᠲᠦᠷ ᠴᠠᠭ ᠡᠭᠦᠳᠡ ᠪᠠᠨ ᠬᠠᠭᠠᠵᠤ᠂ ᠬᠦᠷᠢᠶᠡᠯᠡᠩ ᠲᠣᠭᠤᠷᠢᠭ ᠤᠨ ᠳᠣᠲᠣᠷᠠᠬᠢ ᠪᠣᠢ ᠪᠦᠬᠦᠢ ᠠᠵᠢᠯᠯᠠᠭ᠎ᠠ ᠪᠣᠯᠤᠨ ᠲᠥᠬᠦᠭᠡᠷᠦᠮᠵᠢ ᠨᠢ ᠡᠵᠡᠩᠨᠡᠯᠲᠡ ᠪᠠᠨ ᠲᠦᠷ ᠵᠣᠭᠰᠣᠭᠠᠬᠤ ᠪᠠᠷ ᠲᠣᠭᠲᠠᠪᠠ᠃ ᠡᠨᠡ ᠬᠤᠭᠤᠴᠠᠭᠠᠨ ᠳᠤ᠂ ᠡᠪᠦᠯ ᠤᠨ ᠠᠩᠨᠠᠯᠲᠠ ᠦᠷᠭᠦᠯᠵᠢᠯᠡᠨ ᠶᠠᠪᠤᠭᠳᠠᠵᠤ᠂ ᠵᠢᠭᠤᠯᠴᠢᠯᠠᠭᠴᠢᠳ ᠮᠥᠨ ᠯᠡ ᠬᠠᠷ᠎ᠠ ᠤᠰᠤ ᠭᠠᠷᠠᠮ ᠤᠨ ᠲᠡᠷᠭᠡᠨ ᠵᠣᠭᠰᠣᠭᠠᠯ ᠤᠨ ᠵᠢᠭᠠᠰᠤᠨ ᠤ ᠳᠡᠯᠭᠡᠭᠦᠷ᠂ ᠴᠠᠭᠠᠰᠤᠴᠢ ᠪᠠᠯᠭᠠᠰᠤᠨ ᠤ ᠬᠢᠨᠠᠨ ᠪᠤᠳᠤᠬᠤ ᠲᠣᠪᠴᠢᠶ᠎ᠠ ᠶᠢᠨ ᠰᠠᠭᠤᠷᠢ ᠠᠰᠠᠷ ᠤᠨ ᠬᠠᠷ᠎ᠠ ᠤᠰᠤ ᠨᠠᠭᠤᠷ ᠤᠨ ᠵᠢᠭᠠᠰᠤᠨ ᠤ ᠳᠡᠯᠭᠡᠭᠦᠷ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠢᠶᠠᠨ ᠵᠢᠶᠦ᠋ᠨ ᠶᠡᠭᠡ ᠪᠠᠭᠤᠳᠠᠯ ᠤᠨ ᠰᠠᠭᠤᠷᠢ ᠠᠰᠠᠷ ᠤᠨ ᠬᠠᠷ᠎ᠠ ᠤᠰᠤ ᠨᠠᠭᠤᠷ ᠤᠨ ᠵᠢᠭᠠᠰᠤᠨ ᠤ ᠳᠡᠯᠭᠡᠭᠦᠷ᠂ ᠬᠥᠬᠡᠬᠤᠲᠠ ᠶᠢᠨ ᠬᠤᠸᠠ ᠰᠢᠤᠸᠠᠢ ᠹᠦ᠋ ᠬᠠᠷ᠎ᠠ ᠤᠰᠤ ᠨᠠᠭᠤᠷ ᠤᠨ ᠵᠢᠭᠠᠰᠤᠨ ᠤ ᠳᠡᠯᠭᠡᠭᠦᠷ ᠲᠤ ᠡᠪᠦᠯ ᠤᠨ ᠵᠢᠭᠠᠰᠤ ᠬᠤᠳᠠᠯᠳᠤᠨ ᠠᠪᠴᠤ ᠪᠣᠯᠤᠨ᠎ᠠ᠃    ᠬᠠᠷ᠎ᠠ ᠤᠰᠤ ᠭᠤᠷᠪᠠᠳᠤᠭᠠᠷ ᠬᠤᠭᠤᠴᠠᠭᠠᠨ ᠤ ᠮᠥᠰᠥ ᠴᠠᠰᠤᠨ ᠤ ᠨᠠᠶᠢᠷ 1 ᠰᠠᠷ᠎ᠠ ᠶᠢᠨ 26 ᠤ ᠡᠳᠦᠷ ᠳᠠᠬᠢᠨ ᠴᠡᠴᠡᠷᠯᠢᠭ ᠨᠡᠭᠡᠭᠡᠵᠦ᠂ ᠲᠤᠬᠠᠶ ᠶᠢᠨ ᠦᠶ᠎ᠡ ᠳᠤ ᠪᠣᠶ ᠪᠥᠬᠦᠶ ᠲᠥᠷᠥᠯ ᠵᠦᠢᠯ ᠬᠡᠪ ᠤᠨ ᠡᠵᠡᠩᠨᠡᠯᠲᠡ ᠪᠠᠨ ᠰᠡᠷᠭᠦᠭᠡᠬᠦ ᠪᠣᠯᠤᠨ᠎ᠠ᠂ ᠪᠢᠳᠡ ᠲᠠᠨ ᠤ ᠬᠦᠷᠴᠦ ᠢᠷᠡᠬᠦ ᠶᠢ ᠬᠠᠯᠠᠭᠤᠨ ᠢᠶᠠᠷ ᠬᠦᠰᠡᠵᠦ ᠪᠠᠶᠢᠨ᠎ᠠ᠃ ᠡᠨᠡ ᠤᠳᠠᠭᠠᠨ ᠤ ᠲᠣᠬᠢᠷᠠᠭᠤᠯᠤᠯᠲᠠ ᠨᠢ ᠲᠠᠨ ᠳᠤ ᠳᠥᠭᠦᠮ ᠦᠭᠡᠢ ᠪᠠᠶᠢᠳᠠᠯ ᠢ ᠠᠪᠴᠢᠷᠠᠭᠰᠠᠨ ᠳᠤ ᠪᠢᠳᠡ ᠣᠰᠣᠯ ᠬᠦᠯᠢᠶᠡᠬᠦ ᠶᠢᠨ ᠬᠠᠮᠲᠤ ᠲᠠᠨ ᠤ ᠣᠶᠢᠯᠠᠭᠠᠯᠲᠠ ᠪᠠ ᠳᠡᠮᠵᠢᠯᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ ᠪᠢᠳᠡ ᠠᠮᠤᠷ ᠲᠦᠪᠰᠢᠨ᠂ ᠭᠤᠶᠢᠳᠠ ᠰᠠᠶᠢᠬᠠᠨ ᠮᠥᠰᠥ ᠴᠠᠰᠤᠨ ᠤ ᠥᠩᠭᠡᠷᠡᠯᠲᠡ ᠶᠢ ᠬᠠᠩᠭᠠᠬᠤ ᠪᠠᠷ ᠦᠷᠭᠦᠯᠵᠢᠯᠡᠨ ᠴᠢᠷᠮᠠᠶᠢᠵᠤ᠂ ᠳᠠᠬᠢᠨ ᠴᠡᠴᠡᠷᠯᠢᠭ ᠨᠡᠭᠡᠭᠡᠬᠦ ᠦᠶ᠎ᠡ ᠳᠤ ᠲᠠᠨ ᠲᠠᠢ ᠡᠨᠡ ᠬᠦ ᠡᠪᠦᠯ ᠤᠨ ᠤᠯᠠᠷᠢᠯ ᠤᠨ ᠵᠤᠭ᠎ᠠ ᠴᠡᠩᠭᠡᠯ ᠤᠨ ᠬᠦᠷᠢᠶᠡᠯᠡᠩ ᠢ ᠬᠠᠮᠲᠤ ᠪᠠᠷ ᠡᠳ᠋ᠯᠡᠬᠦ ᠶᠢ ᠬᠦᠰᠡᠵᠦ ᠪᠠᠶᠢᠨ᠎ᠠ᠃    ᠬᠠᠯᠠᠭᠤᠨ ᠳᠣᠲᠣᠨᠣ ᠰᠠᠨᠠᠭᠤᠯᠤᠮᠵᠢ᠄ ᠣᠶᠢᠷ᠎ᠠ ᠶᠢᠨ ᠬᠤᠭᠤᠴᠠᠭᠠᠨ ᠳᠤ ᠠᠭᠠᠷ ᠤᠨ ᠳᠤᠯᠠᠭᠠᠨ ᠨᠡᠯᠢᠶᠡᠳ ᠥᠨᠳᠥᠷ ᠪᠣᠯᠬᠤᠷ ᠥᠷᠭᠡᠨ ᠣᠯᠠᠨ ᠵᠤᠭᠠᠴᠠᠭᠰᠠᠳ ᠲᠤ ᠠᠮᠤᠷ ᠲᠦᠪᠰᠢᠨ ᠢ ᠠᠩᠬᠠᠷᠬᠤ ᠶᠢ ᠣᠨᠴᠠᠭᠠᠶᠢᠯᠠᠨ ᠰᠠᠨᠠᠭᠤᠯᠵᠤ ᠪᠠᠶᠢᠨ᠎ᠠ᠃
 
ᠢᠷᠡᠯᠲᠡ᠄ ᠲᠦᠮᠡᠳ ᠵᠡᠬᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号