ᠪᠣᠬᠢᠷᠳᠦᠯ ᠭᠠᠳ᠋ᠬᠠᠰᠢᠯᠠᠭᠤᠯᠬᠤ ᠵᠦᠪᠰᠢᠶᠡᠷᠡᠯ ᠤᠨ ᠦᠨᠡᠮᠯᠠᠯ ᠤᠨ ᠬᠠᠷᠭᠤᠭᠤᠯᠤᠨ ᠣᠯᠭᠤᠬᠤ ᠶᠠᠰᠣ ᠴᠢᠨᠡᠷ ᠢ | ᠣᠯᠡᠮ ᠨᠢᠭᠡ ᠠᠯᠬᠤᠮ ᠳᠡᠭᠡᠭᠰᠢᠯᠡᠬᠦᠯᠵᠦ᠂ ᠪᠣᠬᠢᠷᠳᠦᠯ ᠭᠠᠳ᠋ᠬᠠᠰᠢᠯᠠᠭᠤᠯᠬᠤ ᠵᠦᠪᠰᠢᠶᠡᠷᠡᠯ ᠤᠨ ᠦᠨᠡᠮᠯᠠᠯ ᠤᠨ | ᠬᠠᠮᠢᠶᠡᠷᠦᠯᠳᠡ ᠶᠢᠨ ᠰᠢᠰᠲ᠋ᠧᠮᠵᠢ ᠶᠢ ᠳᠡᠬᠦᠯᠳᠡᠷᠵᠢᠬᠦᠯᠥᠨ᠂ ᠪᠣᠬᠢᠷᠳᠦᠯ ᠭᠠᠳ᠋ᠬᠠᠰᠢᠯᠠᠭᠤᠯᠬᠤ ᠵᠦᠪᠰᠢᠶᠡᠷᠡᠯ ᠤᠨ | ᠦᠨᠡᠮᠯᠠᠯ ᠤᠨ ᠦᠨᠡᠮᠯᠡᠯ ᠤᠨ ᠳᠡᠷᠡᠭᠠᠬᠢ ᠬᠠᠦᠯᠢ ᠭᠡᠷᠡᠭᠵᠢᠬᠦᠯᠬᠦ ᠦᠨᠳᠣᠰᠣ ᠪᠡᠷᠢᠮᠳᠡ ᠶᠢ ᠴᠢᠩᠭᠠᠷᠡᠭᠤᠯᠬᠤ ᠶᠢᠨ | ᠲᠣᠰᠠᠳᠡ᠂ ᠣᠶᠢᠷ᠎ᠠ ᠶᠢᠨ ᠬᠤᠭᠤᠴᠠᠭᠠᠨ ᠳᠤ᠂ ᠬᠥᠬᠡᠬᠤᠲᠠ ᠶᠢᠨ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ ᠶᠢᠨ ᠲᠦᠮᠡᠳ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ | ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠲᠠᠢ ᠬᠠᠮᠲᠤᠷᠠᠨ ᠬᠠᠮᠢᠶ᠎ᠠ ᠪᠥᠬᠦᠶ ᠲᠤᠬᠠᠶᠢᠯᠠᠭᠰᠠᠨ | ᠠᠵᠢᠯ ᠤᠨ ᠠᠵᠢᠯᠲᠠᠨ ᠢ ᠬᠢᠨᠠᠨ ᠵᠥᠪᠰᠢᠶᠡᠷᠡᠵᠦ᠂ ᠬᠠᠷᠢᠶ᠎ᠠ ᠣᠷᠣᠨ ᠤ ᠳᠣᠲᠣᠷᠠᠬᠢ ᠪᠣᠬᠢᠷᠲᠤᠯ ᠪᠣᠳᠠᠰ | ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠭᠤᠶᠤᠴᠢᠯᠠᠨ ᠠᠪᠬᠤ ᠠᠵᠤ ᠠᠬᠤᠶᠢᠯᠠᠯ ᠳᠤ ᠦᠨᠡᠮᠯᠡᠯ ᠠᠴᠠ | ᠡᠮᠦᠨ᠎ᠡ ᠬᠢᠨᠠᠨ ᠪᠠᠶᠢᠴᠠᠭᠠᠯᠲᠠ ᠬᠢᠪᠠ᠃ ᠪᠣᠬᠢᠷᠲᠤᠯ ᠭᠠᠳᠠᠭᠰᠢᠯᠠᠭᠤᠯᠬᠤ ᠨᠢᠭᠡᠴᠢ ᠶᠢᠨ ᠭᠤᠶᠤᠴᠢᠯᠠᠨ ᠮᠡᠳᠡᠭᠦᠯᠦᠭᠰᠡᠨ | ᠮᠠᠲ᠋ᠧᠷᠢᠶᠠᠯ ᠤᠨ ᠪᠦᠷᠢᠨ ᠪᠦᠲᠦᠨ ᠴᠢᠨᠠᠷ᠂ ᠵᠢᠷᠤᠮᠵᠢᠯᠳᠤ ᠴᠢᠨᠠᠷ᠂ ᠨᠡᠶᠢᠴᠡᠬᠦ ᠴᠢᠨᠠᠷ ᠪᠠ ᠲᠤᠬᠠᠶ ᠶᠢᠨ ᠲᠠᠯᠠᠪᠤᠷ ᠤᠨ | ᠪᠣᠳᠠᠲᠠᠶ ᠪᠠᠶᠢᠳᠠᠯ ᠢ ᠨᠢᠭᠡᠳ ᠨᠢᠭᠡ ᠪᠠᠷ ᠬᠢᠨᠠᠨ ᠬᠠᠷᠭᠤᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠡᠯ᠎ᠡ | ᠵᠦᠢᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠢᠴᠢ ᠪᠣᠬᠢᠷᠲᠤᠯ | ᠪᠣᠳᠠᠰ ᠢ ᠭᠠᠳᠠᠭᠰᠢᠯᠠᠭᠤᠯᠬᠤ ᠬᠠᠮᠢᠶ᠎ᠠ ᠪᠥᠬᠦᠶ ᠱᠠᠭᠠᠷᠳᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠠᠩ ᠵᠢᠷᠤᠮᠵᠢᠭᠤᠯᠪᠠ | ᠃ ᠲᠣᠰ ᠤᠳᠠᠭᠠᠨ ᠤ ᠬᠠᠷᠭᠤᠭᠤᠯᠤᠨ ᠪᠠᠶᠢᠴᠠᠭᠠᠯᠲᠠ ᠨᠢ ᠠᠵᠤ ᠠᠬᠤᠶᠢᠯᠠᠯ ᠤᠨ ︽ᠦᠨᠡᠮᠯᠡᠯ ᠢᠶᠠᠷ ᠪᠣᠬᠢᠷ ᠪᠣᠳᠠᠰ | ᠭᠠᠳᠠᠭᠰᠢᠯᠠᠭᠤᠯᠬᠤ︾ ᠭᠤᠤᠯ ᠴᠣᠭᠴᠠ ᠶᠢᠨ ᠬᠠᠷᠢᠭᠤᠴᠠᠯᠭᠠᠲᠤ ᠤᠬᠠᠮᠰᠠᠷ ᠢ ᠴᠢᠩᠭᠠᠷᠠᠭᠤᠯᠵᠤ᠂ ᠰᠡᠭᠦᠯᠴᠢ ᠶᠢᠨ | ᠬᠤᠭᠤᠴᠠᠭᠠᠨ ᠤ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠵᠢᠷᠤᠮᠵᠢᠭᠤᠯᠤᠨ ᠬᠠᠮᠢᠶᠠᠷᠬᠤ ᠳᠤ | ᠪᠠᠲᠤ ᠪᠠᠬᠢ ᠰᠠᠭᠤᠷᠢ ᠲᠠᠯᠪᠢᠵᠤ ᠥᠭᠴᠡᠶ᠃ | ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠤᠨ ᠳᠠᠷᠠᠭ᠎ᠠ ᠬᠢᠨᠠᠯᠲᠠ ᠲᠠᠯᠪᠢᠵᠤ | ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠭᠦᠨ ᠤ ᠬᠠᠮᠲᠤ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ ᠶᠢᠨ ᠬᠢᠨᠠᠨ ᠵᠥᠪᠰᠢᠶᠡᠷᠡᠬᠦ ᠠᠯᠪᠠᠨ ᠬᠡᠷ ᠲᠠᠢ ᠢᠳᠡᠪᠬᠢᠲᠡᠶ ᠬᠠᠮᠵᠢᠯᠴᠠᠵᠤ᠂ ᠠᠩᠬ᠎ᠠ | ᠤᠳᠠᠭ᠎ᠠ ᠭᠤᠶᠤᠴᠢᠯᠠᠭᠰᠠᠨ᠂ ᠳᠠᠬᠢᠨ ᠭᠤᠶᠤᠴᠢᠯᠠᠭᠰᠠᠨ ᠪᠣᠬᠢᠷᠲᠤᠯ ᠭᠠᠳᠠᠭᠰᠢᠯᠠᠭᠤᠯᠬᠤ ᠨᠢᠭᠡᠴᠢ ᠶᠢᠨ ᠲᠤᠰᠢᠶᠠᠭᠰᠠᠨ | ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠢ ᠬᠢᠨᠠᠨ ᠬᠠᠷᠭᠤᠭᠤᠯᠵᠤ᠂ ᠪᠣᠬᠢᠷᠲᠤᠯ ᠭᠠᠳᠠᠭᠰᠢᠯᠠᠭᠤᠯᠬᠤ | ᠵᠥᠪᠰᠢᠶᠡᠷᠡᠯ ᠤᠨ ᠡᠳᠦᠷ ᠲᠤᠲᠤᠮ ᠤᠨ ᠬᠠᠮᠢᠶᠠᠷᠤᠯᠲᠠ᠂ ᠣᠷᠴᠢᠨ ᠲᠣᠭᠤᠷᠢᠨ ᠤ ᠬᠢᠨᠠᠨ ᠬᠡᠮᠵᠢᠯᠲᠡ᠂ ᠬᠠᠤᠯᠢ | ᠬᠡᠷᠡᠭᠵᠢᠭᠦᠯᠦᠯᠲᠡ ᠶᠢᠨ ᠬᠢᠨᠠᠨ ᠬᠡᠮᠵᠢᠯᠲᠡ ᠶᠢᠨ ᠬᠤᠯᠪᠣᠭᠠᠯᠠᠨ ᠬᠥᠳᠡᠯᠦᠯᠴᠡᠬᠦ ᠴᠢᠨᠠᠷ ᠢ ᠴᠢᠩᠭᠠᠳᠬᠠᠵᠤ᠂ ᠪᠣᠬᠢᠷᠲᠤᠯ | ᠭᠠᠳᠠᠭᠰᠢᠯᠠᠭᠤᠯᠬᠤ ᠵᠥᠪᠰᠢᠶᠡᠷᠡᠯ ᠤᠨ ᠲᠦᠷᠢᠮ ᠢᠶᠠᠷ ᠭᠤᠤᠯ ᠪᠣᠯᠭᠠᠭᠰᠠᠨ ᠲᠣᠭᠲᠠᠮᠠᠯ ᠪᠣᠬᠢᠷᠲᠤᠯ ᠤᠨ ᠡᠬᠢ | ᠰᠤᠷᠪᠤᠯᠵᠢ ᠶᠢᠨ ᠬᠠᠤᠯᠢ ᠬᠡᠷᠡᠭᠵᠢᠭᠦᠯᠦᠯᠲᠡ ᠶᠢᠨ ᠬᠢᠨᠠᠨ ᠬᠠᠮᠢᠶᠠᠷᠤᠯᠲᠠ ᠶᠢᠨ ᠰᠢᠰᠲ᠋ᠧᠮ ᠢ ᠲᠦᠷᠭᠡᠳᠬᠡᠨ | ᠪᠠᠶᠢᠭᠤᠯᠬᠤ ᠳᠤ ᠲᠤᠯᠭᠠᠭᠤᠷᠢᠯᠠᠯ ᠬᠠᠩᠭᠠᠨ᠎ᠠ᠃ |