1 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠶ ᠶᠢᠩ ᠲᠣᠬᠤᠨᠢᠭᠤᠯᠬᠤ | ᠳᠤᠭᠤᠶᠢᠯᠠᠩ ᠳᠠᠭᠠᠭᠤᠯᠤᠨ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠤᠰᠢᠭᠤᠨ ᠳᠤ ᠰᠠᠭᠤᠭ᠎ᠠ | ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠬᠥᠬᠡᠬᠤᠲᠠ ᠶᠢᠨ ᠢᠷᠠᠭᠤ ᠠᠯᠳᠠᠷ ᠤᠨ | ᠬᠦᠷᠢᠶᠡᠯᠡᠩ ᠳᠤ ᠬᠦᠷᠴᠦ᠂ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ ᠵᠡᠪᠰᠡᠭᠲᠦ | ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠢ ᠪᠣᠯᠭᠤᠭᠠᠨ | ᠲᠣᠬᠤᠨᠢᠭᠤᠯᠵᠤ᠂ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠢ ᠲᠥᠯᠥᠭᠡᠯᠡᠨ ᠣᠯᠠᠨ ᠳᠤ ᠴᠢᠩ | ᠰᠡᠳᠬᠢᠯ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ | | | | | ᠰᠤᠷᠪᠤᠯᠵᠢᠯᠠᠬᠤ ᠶᠠᠪᠤᠴᠠ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠥᠷᠭᠡᠨ ᠤᠯᠠᠨ ᠳᠠᠷᠤᠭ᠎ᠠ | ᠪᠠᠶᠢᠯᠳᠤᠭᠴᠢᠳ ᠤᠨ ᠥᠩᠭᠡᠷᠡᠭᠰᠡᠨ ᠨᠢᠭᠡ ᠵᠢᠯ ᠳᠤ ᠲᠦᠮᠡᠳ ᠵᠡᠭᠦᠨ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢ ᠳᠡᠮᠵᠢᠬᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠪᠠᠷ | ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠥᠷᠭᠡᠨ ᠤᠯᠠᠨ ᠳᠠᠷᠤᠭ᠎ᠠ | ᠪᠠᠶᠢᠯᠳᠤᠭᠴᠢᠳ ᠤᠨ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ | ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ ᠬᠥᠭᠵᠢᠭᠦᠯᠵᠦ᠂ ᠴᠡᠷᠢᠭ | ᠠᠷᠠᠳ ᠤᠨ ᠵᠢᠭᠠᠰᠤ ᠤᠰᠤᠨ ᠤ ᠭᠦᠨ ᠵᠤᠵᠠᠭᠠᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠦᠰᠡᠪᠡ᠃ | | | | | ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠢ ᠪᠣᠯᠭᠤᠭᠠᠨ ᠲᠣᠬᠤᠨᠢᠭᠤᠯᠬᠤ ᠳᠠᠭᠠᠨ᠂ ᠲᠣᠬᠤᠨᠢᠭᠤᠯᠬᠤ | ᠳᠤᠭᠤᠶᠢᠯᠠᠩ ᠤᠯᠠᠨ ᠲᠠᠢ ᠵᠣᠭᠤᠭᠳᠠᠵᠤ᠂ ᠠᠬᠠᠮᠠᠳ ᠴᠡᠷᠢᠭ ᠤᠨ ᠢᠷᠠᠭᠤ ᠠᠯᠳᠠᠷ ᠤᠨ ᠬᠦᠷᠢᠶᠡᠯᠡᠩ ᠳᠤ ᠪᠠᠶᠢᠭ᠎ᠠ | ᠡᠳᠦᠷ ᠲᠤᠳᠤᠮ ᠤᠨ ᠠᠮᠢᠳᠤᠷᠠᠯ ᠢ ᠬᠠᠯᠠᠭᠤᠨ ᠢᠶᠠᠷ ᠠᠰᠠᠭᠤᠨ ᠯᠠᠪᠯᠠᠭᠰᠠᠨ ᠪᠥᠭᠡᠳ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠢ ᠪᠣᠳᠠᠲᠤ ᠠᠵᠢᠯᠯᠠᠭ᠎ᠠ ᠪᠠᠷ ᠢᠶᠠᠨ ᠢᠷᠠᠭᠤ ᠠᠯᠳᠠᠷ ᠤᠨ ᠬᠦᠷᠢᠶᠡᠯᠡᠩ ᠤᠨ ᠠᠬᠠᠮᠠᠳ ᠴᠡᠷᠢᠭ ᠤᠨ | ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠴᠡᠷᠢᠭ ᠢ ᠬᠦᠨᠳᠦᠳᠬᠡᠬᠦ᠂ ᠴᠡᠷᠢᠭ ᠠᠴᠠ ᠬᠠᠯᠠᠭᠳᠠᠭᠰᠠᠨ ᠠᠬᠠᠮᠠᠳ | ᠴᠡᠷᠢᠭ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠬᠠᠮᠲᠤᠪᠠᠷ ᠪᠤᠢ ᠪᠣᠯᠭᠠᠬᠤ | ᠬᠡᠷᠡᠭᠲᠡᠢ ᠭᠡᠵᠦ ᠵᠠᠬᠢᠪᠠ᠃ ᠬᠤᠰᠢᠭᠤᠨ ᠤ ᠤᠳᠤᠷᠢᠳᠤᠯᠭ᠎ᠠ ᠵᠢᠶᠠ ᠶᠢᠨ ᠹᠧᠩ᠂ ᠴᠧᠨ ᠰᠢ ᠯᠧ᠂ ᠭᠦᠸᠧ ᠵᠢᠶᠦ᠋ᠨ | ᠯᠦᠩ᠂ ᠯᠢ ᠶᠤᠸᠠᠢ ᠴᠢᠩ᠂ ᠪᠠᠢ ᠯᠢ ᠢᠦᠢ ᠲᠣᠬᠤᠨᠢᠭᠤᠯᠤᠯᠲᠠ ᠳᠤ ᠣᠷᠣᠯᠴᠠᠪᠠ᠃ |