ᠮᠥᠰᠥ ᠴᠠᠰᠤᠨ ᠤ ᠭᠠᠶᠢᠬᠠᠮᠰᠢᠭ ᠢ ᠬᠠᠷᠬᠤᠰᠤ ᠳᠤ  ᠲᠤᠭᠯᠠᠨ᠎ᠠ
ᠨᠡᠶᠢᠲᠡᠯᠡᠭᠰᠡᠨ ᠴᠠᠭ᠄
2025/1/20
    ᠤᠯᠠᠭᠠᠨ ᠰᠠᠷᠭᠠᠢ ᠴᠡᠴᠡᠭ ᠪᠠ ᠮᠥᠰᠥ ᠴᠠᠰᠤᠨ ᠳᠤ ᠤᠴᠠᠷᠠᠪᠠᠯ ᠶᠠᠮᠠᠷ ᠪᠣᠢ︖ 1 ᠰᠠᠷ᠎ᠠ ᠶᠢᠨ 17 ᠤ ᠡᠳᠦᠷ ᠬᠠᠷ᠎ᠠ ᠤᠰᠤ ᠲᠠᠨ ᠳᠤ ᠬᠠᠷᠢᠭᠤᠯᠲᠠ ᠶᠢ  ᠬᠡᠯᠡᠵᠦ ᠥᠭᠭᠦᠶ᠎ᠡ᠃
C:\Users\bch\Desktop\1.20\1.20  图文图1.jpg
    ᠲᠤᠰ ᠡᠳᠦᠷ ᠤᠨ ᠦᠳᠡ ᠶᠢᠨ ᠡᠮᠦᠨ᠎ᠡ᠂ ︽ᠮᠥᠰᠥ ᠴᠠᠰᠤᠨ ᠤ ᠭᠠᠶᠢᠬᠠᠮᠰᠢᠭ᠂  ᠷᠤᠮᠠᠨᠲ᠋ᠢᠭ︾ ᠭᠡᠬᠦ ᠭᠤᠤᠯ ᠰᠡᠳᠦᠪᠲᠦ ᠵᠠᠯᠠᠭᠤᠴᠤᠳ ᠤᠨ ᠨᠥᠬᠦᠷᠯᠡᠯ ᠤᠨ ᠠᠵᠢᠯᠯᠠᠭ᠎ᠠ ᠬᠠᠷ᠎ᠠ ᠤᠰᠤ ᠨᠠᠭᠤᠷ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠶᠠᠪᠤᠭᠳᠠᠪᠠ᠃    ᠲᠣᠰ ᠤᠳᠠᠭᠠᠨ ᠤ ᠠᠵᠢᠯᠯᠠᠭ᠎ᠠ ᠶᠢ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠮᠡᠳ ᠵᠡᠭᠦᠨ ᠬᠤᠰᠢᠭᠤᠨ ᠤ ᠬᠤᠷᠢᠶ᠎ᠠ᠂ ᠲᠦᠮᠡᠳ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠪᠣᠯᠤᠨ ᠥᠪᠥᠷ ᠮᠣᠩᠭᠤᠯ ᠤᠨ ᠲᠦᠮᠡᠳ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠲᠦᠮᠡᠳ ᠵᠡᠭᠦᠨ ᠬᠤᠰᠢᠭᠤᠨ ᠤ ᠠᠯᠳᠠᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠭᠤᠤᠯᠯᠠᠨ ᠡᠷᠭᠢᠯᠡᠵᠦ᠂ ᠪᠥᠬᠦ ᠬᠤᠰᠢᠭᠤᠨ ᠤ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ 104 ᠵᠠᠯᠠᠭᠤᠴᠤᠳ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠵᠠᠶ᠃    ᠬᠥᠳᠡᠯᠭᠡᠭᠡᠨ ᠵᠢᠩᠬᠢᠨᠢ ᠪᠠᠷ ᠡᠬᠢᠯᠡᠬᠦ ᠶᠢ ᠳᠠᠭᠠᠯᠳᠤᠨ᠂ ᠬᠥᠲᠥᠯᠦᠭᠴᠢ ᠤᠷᠠᠨ ᠢᠶᠠᠷ ᠲᠠᠤᠯᠠᠢ ᠶᠢᠨ ᠪᠥᠵᠢᠭ ᠵᠡᠷᠭᠡ ᠮᠥᠰᠥ ᠬᠠᠭᠠᠯᠬᠤ ᠲᠣᠭᠯᠠᠭᠠᠮ ᠢᠶᠠᠷ ᠳᠠᠮᠵᠢᠭᠤᠯᠤᠨ᠂ ᠵᠠᠯᠠᠭᠤᠴᠤᠳ ᠢ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠤᠨ ᠳᠤᠮᠳᠠ ᠬᠠᠷᠢᠯᠴᠠᠨ ᠣᠶᠢᠯᠠᠭᠠᠵᠤ᠂ ᠠᠩᠬ᠎ᠠ ᠠᠯᠬᠤᠮ ᠤᠨ ᠢᠲᠡᠭᠡᠯ ᠪᠠ ᠨᠥᠬᠦᠷᠯᠡᠯ ᠢ ᠪᠠᠶᠢᠭᠤᠯᠪᠠ᠃
C:\Users\bch\Desktop\1.20\1.20  图文图2.jpg
    ᠳᠠᠷᠠᠭ᠎ᠠ ᠨᠢ᠂ ᠣᠯᠠᠨ ᠢᠶᠠᠷ ᠢᠶᠠᠨ ᠬᠠᠷ᠎ᠠ ᠤᠰᠤ ᠨᠠᠭᠤᠷ ᠤᠨ ᠮᠥᠰᠥ ᠴᠠᠰᠤᠨ ᠤ ᠲᠥᠷᠥᠯ ᠵᠦᠢᠯ ᠤᠨ ᠲᠠᠯᠠᠪᠠᠶ ᠳᠤ ᠬᠦᠷᠴᠦ᠂ ᠮᠥᠰᠥᠨ ᠳᠡᠭᠡᠷᠡᠬᠢ ᠳᠤᠭᠤᠶ ᠲᠡᠷᠭᠡ᠂ ᠮᠥᠰᠥ ᠲᠡᠷᠭᠡᠨ ᠤ ᠪᠤᠤᠬᠢᠶ᠎ᠠ ᠤᠷᠤᠯᠳᠤᠭᠠᠨ ᠵᠡᠷᠭᠡ ᠰᠣᠨᠢᠷᠬᠠᠯᠲᠠᠶ ᠲᠣᠭᠯᠠᠭᠠᠮ ᠤᠨ ᠭᠤᠭᠴᠤᠭ᠎ᠠ ᠳᠤ ᠬᠦᠷᠴᠦ᠂ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠢ ᠣᠷᠭᠢᠯ ᠳᠤ ᠨᠢ ᠬᠦᠷᠭᠡᠪᠡ᠃ ᠡᠨᠡ ᠬᠤᠭᠤᠴᠠᠭᠠᠨ ᠳᠤ ᠨᠠᠶᠢᠵᠠᠯᠠᠭᠰᠠᠨ ᠡᠷᠡᠭᠲᠡᠶ ᠡᠮᠡᠭᠲᠡᠶ ᠬᠠᠷᠢᠯᠴᠠᠨ ᠮᠥᠰᠥ ᠴᠠᠰᠤᠨ ᠤ ᠲᠣᠭᠯᠠᠭᠠᠮ ᠢ ᠬᠦᠷᠭᠡᠵᠦ᠂ ᠬᠦᠰᠡᠯᠡᠩᠲᠦ ᠬᠡᠶᠢᠲᠦ ᠪᠥᠮᠪᠦᠭᠡ ᠶᠢ ᠬᠥᠭᠵᠢᠭᠦᠯᠦᠭᠰᠡᠨ ᠤ ᠬᠠᠮᠲᠤ ᠷᠣᠮᠠᠨᠲ᠋ᠢᠭ ᠬᠠᠮᠲᠤ ᠶᠢᠨ ᠰᠡᠭᠦᠳᠡᠷ ᠲᠠᠲᠠᠵᠠᠶ᠃ ᠤᠶᠢᠯᠠᠭᠠᠭᠰᠠᠨ ᠢᠶᠠᠷ᠂ ᠲᠤᠰ ᠤᠳᠠᠭᠠᠨ ᠤ ᠨᠠᠶᠢᠵᠠᠯᠠᠬᠤ ᠠᠵᠢᠯᠯᠠᠭ᠎ᠠ ᠨᠢ 1 ᠬᠤᠤᠰ ᠨᠠᠶᠢᠵᠠᠯᠠᠬᠤ ᠪᠠᠷ ᠲᠤᠭᠳᠠᠵᠦ᠂ 5 ᠬᠤᠤᠰ ᠨᠠᠶᠢᠵᠠᠯᠠᠬᠤ ᠵᠤᠷᠢᠯᠭ᠎ᠠ ᠲᠠᠢ ᠪᠠᠶᠢᠨ᠎ᠠ᠃    ᠲᠤᠰ ᠤᠳᠠᠭᠠᠨ ᠤ ᠠᠵᠢᠯᠯᠠᠭ᠎ᠠ ᠨᠢ ᠥᠷᠭᠡᠨ ᠤᠯᠠᠨ ᠵᠠᠯᠠᠭᠤᠴᠤᠳ ᠲᠤ ᠳᠥᠭᠦᠮ ᠳᠥᠲᠡ ᠥᠨᠳᠥᠷ ᠪᠦᠲᠦᠮᠵᠢᠲᠡᠢ ᠨᠥᠬᠦᠷᠯᠡᠯ ᠤᠨ ᠠᠷᠭ᠎ᠠ ᠵᠠᠮ ᠢ ᠪᠠᠶᠢᠭᠤᠯᠵᠤ ᠥᠭᠭᠦᠭᠰᠡᠨ ᠢᠶᠠᠷ ᠪᠠᠷᠠᠬᠤ ᠦᠭᠡᠢ᠂ ᠥᠷᠭᠡᠨ ᠤᠯᠠᠨ ᠵᠠᠯᠠᠭᠤᠴᠤᠳ ᠤᠨ ᠴᠤᠭ ᠵᠢᠪᠬᠤᠭ᠎ᠠ ᠪᠣᠯᠤᠨ ᠠᠮᠢᠵᠢᠷᠠᠯ ᠤᠨ ᠬᠦᠴᠦᠨ ᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠴᠤ ᠪᠢᠳᠡᠨ ᠤ ᠵᠠᠯᠠᠭᠤᠴᠤᠳ ᠤᠨ ᠨᠥᠬᠦᠷᠯᠡᠬᠦ ᠶᠢ ᠰᠢᠢᠳᠪᠦᠷᠢᠯᠡᠬᠦ ᠪᠣᠳᠠᠲᠠᠢ ᠠᠵᠢᠯᠯᠠᠭ᠎ᠠ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠡᠪᠯᠡᠯ ᠤᠨ ᠬᠤᠰᠢᠭᠤᠨ ᠤ ᠨᠠᠮ ᠤᠨ ᠬᠤᠷᠢᠶ᠎ᠠ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠥᠷᠭᠡᠨ ᠣᠯᠠᠨ ᠵᠠᠯᠠᠭᠤᠴᠤᠳ ᠲᠤ ᠨᠠᠩ ᠣᠯᠠᠨ ᠨᠥᠬᠦᠷᠯᠡᠯ ᠤᠨ ᠰᠣᠯᠢᠯᠴᠠᠭᠠᠨ ᠤ ᠲᠠᠪᠴᠠᠩ ᠬᠠᠩᠭᠠᠪᠠ᠃
 
ᠢᠷᠡᠯᠲᠡ᠄ ᠳᠤᠮᠳᠠᠳᠤ ᠤᠯᠤᠰ ᠤᠨ ᠡᠪ ᠬᠠᠮᠲᠤ ᠶᠣᠰᠣᠨ ᠤ ᠵᠠᠯᠠᠭᠤᠴᠤᠳ ᠤᠨ ᠡᠪᠯᠡᠯ ᠤᠨ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠮᠡᠳ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号