ᠴᠠᠭᠠᠰᠤᠴᠢ ᠪᠠᠯᠭᠠᠰᠤᠨ ᠤ ᠬᠤᠶᠠᠳᠤᠭᠠᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠴᠠᠭᠠᠨ ᠰᠠᠷ᠎ᠠ ᠠᠴᠠ ᠡᠮᠦᠨᠡᠬᠢ ᠬᠤᠸᠠᠷ ᠫᠤᠤᠵᠢᠩ ᠵᠢᠴᠢ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/1/21
    ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠥᠷᠭᠡᠨ ᠣᠯᠠᠨ ᠬᠡᠷᠡᠭᠯᠡᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 1 ᠰᠠᠷ᠎ᠠ ᠶᠢᠨ 17 ᠤ ᠡᠳᠦᠷ᠂ ᠴᠠᠭᠠᠰᠤᠴᠢ ᠪᠠᠯᠭᠠᠰᠤᠨ ᠤ ᠬᠤᠶᠠᠳᠤᠭᠠᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠴᠠᠭᠠᠨ ᠰᠠᠷ᠎ᠠ ᠠᠴᠠ ᠡᠮᠦᠨᠡᠬᠢ ᠬᠤᠸᠠᠷ ᠫᠤᠤᠵᠢᠩ ᠵᠢᠴᠢ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠪᠡ᠃    ᠬᠠᠤᠯᠢ ᠬᠡᠷᠡᠭᠵᠢᠭᠦᠯᠬᠦ ᠠᠵᠢᠯᠲᠠᠨ ᠬᠠᠷᠢᠶ᠎ᠠ ᠣᠷᠣᠨ ᠤ ᠳᠣᠲᠣᠷᠠᠬᠢ ᠪᠥᠭᠡᠮ ᠢᠶᠠᠷ ᠬᠤᠳᠠᠯᠳᠤᠬᠤ᠂ ᠭᠦᠢᠯᠭᠡᠭᠡᠨ ᠤ ᠬᠦᠷᠢᠶᠡᠨ ᠳᠠᠬᠢ ᠬᠤᠸᠠᠷ ᠫᠤᠤᠵᠢᠩ ᠡᠵᠡᠩᠨᠡᠬᠦ ᠨᠢᠭᠡᠴᠢ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠡᠵᠡᠩᠨᠡᠯᠲᠡ ᠶᠢᠨ ᠲᠠᠯᠠᠪᠤᠷ ᠭᠠᠵᠠᠷ ᠲᠤ ᠬᠠᠮᠢᠶ᠎ᠠ ᠪᠥᠬᠦᠶ ᠭᠡᠷᠡᠴᠢ ᠦᠨᠡᠮᠯᠡᠯ᠂ ᠡᠵᠡᠩᠨᠡᠯᠲᠡ ᠶᠢᠨ  ᠦᠢᠯᠡᠳᠭᠦᠨ ᠤ ᠲᠥᠷᠥᠯ ᠵᠦᠢᠯ᠂ ᠦᠢᠯᠡᠳᠭᠦᠨ ᠤ ᠪᠠᠷᠠᠭ᠎ᠠ ᠣᠷᠣᠭᠤᠯᠬᠤ ᠡᠬᠢ ᠡᠭᠦᠰᠦᠯ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ᠂ ᠬᠠᠨᠳᠤᠯᠭᠠᠲᠤ ᠴᠢᠨᠠᠷᠲᠠᠶ ᠬᠢᠨᠠᠯᠲᠠ ᠬᠠᠮᠢᠶᠠᠷᠤᠯᠲᠠ᠂ ᠬᠥᠳᠡᠯᠦᠩᠭᠦᠶ ᠬᠠᠮᠢᠶᠠᠷᠤᠯᠲᠠ ᠶᠢ ᠪᠡᠶᠡᠯᠡᠭᠦᠯᠪᠡ᠃ ᠬᠤᠸᠠᠷ ᠫᠤᠤᠵᠢᠩ ᠡᠵᠡᠩᠨᠡᠬᠦ ᠨᠢᠭᠡᠴᠡ ᠶᠢ ᠭᠡᠷᠡᠯᠲᠦᠭᠦᠯᠦᠨ ᠡᠵᠡᠩᠨᠡᠬᠦ ᠶᠢ ᠱᠠᠭᠠᠷᠳᠠᠵᠤ᠂ ᠪᠠᠷᠠᠭ᠎ᠠ ᠣᠷᠣᠭᠤᠯᠬᠤ ᠪᠠᠶᠢᠴᠠᠭᠠᠨ ᠰᠢᠯᠭᠠᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠣᠭᠤᠯᠵᠤ ᠪᠣᠷᠣᠯᠠᠭᠤᠯᠬᠤ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠳᠤ ᠨᠡᠶᠢᠴᠡᠬᠦ ᠥᠬᠡᠶ᠂ ᠦᠢᠯᠡᠳᠬᠦᠨ ᠤ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ᠂ ᠪᠣᠭᠤᠳᠠᠯᠯᠠᠭᠰᠠᠨ ᠲᠡᠮᠳᠡᠭ ᠨᠢ ᠪᠦᠷᠢᠨ ᠪᠤᠰᠤ ᠵᠢᠴᠢ ᠤᠯᠤᠰ ᠠᠴᠠ ᠢᠯᠡ ᠪᠠᠷ ᠰᠢᠭᠰᠢᠭᠳᠡᠭᠦᠯᠦᠭᠰᠡᠨ ᠬᠤᠸᠠᠷ ᠫᠤᠤᠵᠢᠩ ᠢ ᠬᠤᠳᠠᠯᠳᠤᠨ ᠠᠪᠴᠤ ᠣᠷᠣᠭᠤᠯᠵᠤ ᠪᠣᠯᠬᠤ ᠥᠬᠡᠶ ᠭᠡᠵᠦ ᠱᠠᠭᠠᠷᠳᠠᠪᠠ᠃    ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠬᠠᠤᠯᠢ ᠲᠦᠭᠡᠮᠡᠯᠵᠢᠭᠦᠯᠬᠦ ᠶᠢ ᠳᠠᠮᠵᠢᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠬᠤᠸᠠᠷ ᠫᠤᠤᠵᠢᠩ ᠡᠵᠡᠩᠨᠡᠬᠦ ᠨᠢᠭᠡᠴᠢ ᠶᠢᠨ ᠦᠢᠯᠡᠳᠬᠦᠨ ᠤ ᠶᠠᠰᠤ ᠴᠢᠨᠠᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠶᠢ ᠰᠢᠮᠳᠠᠭᠤᠯᠵᠤ᠂ ︽ᠡᠳᠦᠷ ᠲᠤ ᠬᠠᠮᠢᠶᠠᠷᠤᠨ ᠡᠵᠡᠮᠳᠡᠬᠦ᠂ ᠭᠠᠷᠠᠭ ᠲᠤ ᠵᠢᠭᠰᠠᠭᠠᠨ ᠪᠠᠶᠢᠴᠠᠭᠠᠬᠤ᠂ ᠰᠠᠷ᠎ᠠ ᠳᠤ ᠲᠣᠬᠢᠷᠠᠭᠤᠯᠬᠤ︾ ᠠᠵᠢᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠡᠵᠡᠩᠨᠡᠯᠲᠡ ᠶᠢᠨ ᠨᠢᠭᠡᠴᠢ ᠶᠢᠨ ᠦᠢᠯᠡᠳᠬᠦᠨ ᠤ ᠶᠠᠰᠤ ᠴᠢᠨᠠᠷ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠂ ᠠᠮᠤᠷ ᠲᠦᠪᠰᠢᠨ ᠢᠶᠠᠷ ᠡᠵᠡᠩᠨᠡᠬᠦ ︽ᠰᠡᠷᠭᠡᠶᠢᠯᠡᠯᠲᠡ ᠶᠢᠨ ᠬᠡᠷᠡᠮ︾ ᠢ ᠪᠠᠲᠤ ᠪᠠᠶᠢᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠪᠡ᠃    ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠳᠤ ᠬᠠᠷᠢᠶ᠎ᠠ ᠣᠷᠣᠨ ᠤ ᠲᠣᠮᠣ ᠬᠡᠯᠪᠡᠷᠢ ᠶᠢᠨ ᠬᠡᠲᠦ ᠳᠡᠯᠭᠡᠭᠦᠷ ᠢᠶᠠᠷ ᠭᠤᠤᠯᠳᠠᠯᠭ᠎ᠠ ᠪᠣᠯᠭᠠᠵᠤ᠂ ᠢᠳᠡᠰᠢᠨ ᠨᠣᠭᠤᠭ᠎ᠠ᠂ ᠵᠢᠮᠢᠰ᠂ ᠮᠢᠬᠠᠨ ᠤ  ᠵᠦᠢᠯ᠂ ᠢᠳᠡᠭᠡᠨ ᠤ ᠲᠣᠰᠣ ᠂ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠪᠠᠶᠠᠷ ᠤᠨ ᠡᠳᠦᠷ ᠤᠨ ᠬᠠᠯᠠᠭᠤᠨ ᠪᠣᠷᠣᠯᠠᠭᠤᠯᠭ᠎ᠠ ᠶᠢᠨ ᠢᠳᠡᠭᠡᠨ ᠳᠤ ᠴᠢᠭᠯᠡᠭᠦᠯᠦᠨ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠭᠡᠷᠡᠴᠢ ᠪᠠᠷᠢᠮᠲᠠ ᠠᠪᠬᠤ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ ᠢ ᠪᠠᠲᠤᠯᠠᠬᠤ ᠬᠤᠭᠤᠴᠠᠭ᠎ᠠ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠪᠠᠶᠢᠳᠠᠯ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠪᠠᠶᠢᠴᠠᠭᠠᠵᠤ᠂ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ᠂ ᠪᠠᠶᠠᠷ ᠤᠨ ᠡᠳᠦᠷ ᠠᠴᠠ ᠡᠮᠦᠨ᠎ᠡ ᠵᠢᠴᠢ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠬᠠᠮᠰᠠᠷ ᠠᠴᠠ ᠪᠠᠨ ᠬᠠᠮᠠᠭᠠᠯᠠᠪᠠ᠃    ᠲᠠᠷᠠᠭᠠᠴᠢ ᠶᠢᠨ ᠠᠯᠬᠤᠮ ᠳᠤ᠂ ᠴᠠᠭᠠᠰᠤᠴᠢ ᠪᠠᠯᠭᠠᠰᠤᠨ ᠤ ᠬᠤᠶᠠᠳᠤᠭᠠᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠬᠤᠸᠠᠷ ᠫᠤᠤᠵᠢᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠪᠠ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠠᠷᠠᠳ ᠣᠯᠠᠨ ᠤ ᠰᠠᠨᠠᠭ᠎ᠠ ᠠᠮᠤᠷ ᠬᠡᠷᠡᠭᠯᠡᠭᠡ ᠶᠢ ᠦᠨᠡᠨ ᠬᠦ ᠪᠠᠲᠤᠯᠠᠵᠤ᠂ ᠪᠠᠶᠠᠷ ᠬᠥᠷ ᠲᠠᠢ ᠥᠯᠵᠡᠶ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠪᠠᠷ ᠪᠠᠶᠢᠨ᠎ᠠ᠃
 
ᠢᠷᠡᠯᠲᠡ᠄ ᠴᠠᠭᠠᠰᠤᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号