︽ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠲᠠᠨ ᠤ ᠵᠣᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠬᠤ ᠶᠢᠨ ᠲᠥᠯᠥᠭᠡ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ | ᠨᠠᠮ ᠪᠠ ᠵᠠᠰᠠᠭ ᠤᠨ ᠣᠷᠳᠣᠨ ᠤ ᠬᠥᠮᠦᠯᠢᠭ ᠦᠵᠡᠯ ᠤᠨ ᠬᠦᠷᠢᠶᠡᠨ ᠳᠠᠬᠢ ᠬᠠᠪᠰᠤᠷᠤᠭᠴᠢ ᠪᠣᠯᠬᠤ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ 1 ᠰᠠᠷ᠎ᠠ ᠶᠢᠨ 20 ᠤ ᠡᠳᠦᠷ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠳᠠᠷᠤᠭ᠎ᠠ ᠱᠢ ᠯᠢ | ᠵᠢᠶᠦ᠋ᠨ ᠪᠦᠯᠬᠦᠮ ᠳᠠᠭᠠᠭᠤᠯᠤᠨ᠂ ᠠᠮᠤ ᠪᠤᠳᠠᠭ᠎ᠠ᠂ ᠭᠤᠯᠢᠷ ᠲᠣᠰᠣ ᠵᠡᠷᠭᠡ ᠬᠠᠶᠢᠷ᠎ᠠ ᠬᠠᠯᠠᠮᠵᠢ ᠶᠢᠨ ᠡᠳ᠋ ᠪᠣᠳᠠᠰ | ᠠᠪᠴᠤ᠂ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠤ ᠬᠡᠷ ᠲᠤ ᠭᠦᠨᠵᠡᠭᠡᠶᠢᠷᠡᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠳᠤ᠂ ᠤᠳᠤᠷᠢᠳᠬᠤ ᠪᠠᠭ ᠤᠨ ᠪᠦᠷᠢᠯᠳᠦᠬᠦᠨ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ | ᠡᠷᠡᠭᠦᠯ ᠮᠡᠨᠳᠦ ᠶᠢᠨ ᠪᠠᠶᠢᠳᠠᠯ ᠪᠠ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠳᠤ ᠬᠤᠰᠢᠭᠤᠨ ᠤ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠢᠭᠡ ᠵᠢᠯ ᠤᠨ ᠲᠤᠷᠰᠢᠬᠢ ᠠᠵᠢᠯ ᠤᠨ ᠠᠬᠢᠴᠠ ᠶᠢᠨ ᠪᠠᠶᠢᠳᠠᠯ ᠪᠠ | ᠣᠯᠤᠭᠰᠠᠨ ᠠᠮᠵᠢᠯᠲᠠ ᠪᠠᠨ ᠲᠠᠨᠢᠯᠴᠠᠭᠤᠯᠵᠤ᠂ ᠲᠡᠳᠡᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ | ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ᠂ ᠴᠢᠬᠤᠯᠠ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠬᠤ ᠶᠢᠨ | ᠬᠠᠮᠲᠤ ᠲᠡᠳᠡᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠠᠬᠠᠮᠠᠳ ᠺᠠᠳ᠋ᠷᠴᠤᠳ ᠤᠨ ᠡᠯ᠎ᠡ | ᠲᠠᠯ᠎ᠠ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠢᠯᠡᠭᠦᠬᠡᠨ ᠰᠠᠨᠠᠭᠤᠯᠭ᠎ᠠ ᠳᠤᠷᠠᠳᠴᠤ᠂ ᠤᠯᠠᠭᠠᠨ | ᠵᠠᠭᠠᠯᠮᠠᠶᠢᠲᠠᠨ ᠤ ᠦᠢᠯᠡᠰ ᠤᠨ ᠬᠥᠭᠵᠢᠯᠲᠡ ᠳᠤ ᠨᠠᠩ ᠣᠯᠠᠨ ᠣᠶᠤᠨ ᠤᠬᠠᠭᠠᠨ ᠪᠠ ᠬᠦᠴᠦᠨ ᠴᠢᠳᠠᠯ ᠢᠶᠠᠨ | ᠡᠷᠭᠦᠬᠦ ᠶᠢ ᠬᠦᠰᠡᠪᠡ᠃ ᠠᠬᠠᠮᠠᠳ ᠨᠥᠬᠦᠳ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠮᠠᠰᠢ | ᠪᠠᠶᠠᠷᠯᠠᠵᠤ᠂ ᠤᠯᠠᠭᠠᠨ ᠵᠠᠭᠠᠯᠮᠠᠶᠢᠳᠠᠨ ᠤ ᠦᠢᠯᠡᠰ ᠤᠨ ᠬᠥᠭᠵᠢᠯᠲᠡ ᠶᠢ ᠭᠦᠢᠴᠡᠳ ᠨᠤᠲᠠᠯᠠᠵᠤ᠂ ᠦᠯᠡᠳᠡᠪᠦᠷᠢ | ᠢᠯᠴᠢ ᠪᠠᠨ ᠦᠷᠭᠦᠯᠵᠢᠯᠡᠨ ᠪᠠᠳᠠᠷᠠᠭᠤᠯᠵᠤ᠂ ᠠᠷᠠᠳ ᠲᠦᠮᠡᠨ ᠳᠤ ᠨᠡᠩ ᠰᠠᠶᠢᠨ ᠦᠢᠯᠡᠴᠢᠯᠡᠨ᠎ᠡ ᠭᠡᠵᠦ | ᠢᠯᠡᠳᠬᠡᠵᠡᠭᠡᠪᠡ᠃ | ᠲᠣᠰ ᠤᠳᠠᠭᠠᠨ ᠤ ᠠᠵᠢᠯᠯᠠᠭ᠎ᠠ ᠨᠢ ᠠᠬᠠᠮᠠᠳ ᠨᠠᠮ ᠤᠨ ᠭᠡᠰᠢᠭᠦᠳ ᠲᠤ ᠨᠠᠮ ᠪᠠ ᠵᠠᠰᠠᠭ ᠤᠨ ᠣᠷᠳᠣᠨ ᠤ | ᠬᠠᠶᠢᠷ᠎ᠠ ᠬᠠᠯᠠᠮᠵᠢ ᠶᠢ ᠮᠡᠳᠡᠷᠡᠭᠦᠯᠪᠡ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠤᠯᠠᠮᠵᠢᠯᠠᠨ ᠪᠠᠳᠠᠷᠠᠭᠤᠯᠵᠤ᠂ | ᠥᠩᠭᠡᠷᠡᠭᠰᠡᠨ ᠲᠠᠢ ᠪᠠᠨ ᠠᠳᠠᠯᠢ ᠪᠠᠷ ᠠᠬᠠᠮᠠᠳ ᠨᠠᠮ ᠤᠨ ᠭᠡᠰᠢᠭᠦᠨ ᠢ ᠬᠠᠯᠠᠮᠵᠢᠯᠠᠨ ᠬᠠᠶᠢᠷᠠᠯᠠᠵᠤ᠂ ᠥᠷᠭᠡᠨ ᠣᠯᠠᠨ | ᠨᠠᠮ ᠤᠨ ᠭᠡᠰᠢᠭᠦᠨ ᠺᠠᠳ᠋ᠷᠴᠤᠳ ᠢ ᠪᠦᠯᠬᠦᠮᠳᠡᠭᠦᠯᠦᠨ ᠳᠠᠭᠠᠭᠤᠯᠵᠤ ᠠᠬᠠᠮᠠᠳ ᠨᠠᠮ ᠤᠨ ᠭᠡᠰᠢᠭᠦᠨ ᠤ ᠰᠢᠯᠢᠳᠡᠭ | ᠰᠤᠷᠲᠠᠯ ᠪᠠ ᠬᠠᠷᠠᠮ ᠥᠬᠡᠶ ᠵᠣᠷᠢᠭᠤᠯᠬᠤ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠵᠤ᠂ ︽ᠨᠠᠮ ᠤᠨ ᠠᠴᠢ ᠶᠢ | ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠶᠢ ᠪᠠᠲᠤᠳᠬᠠᠵᠤ᠂ ᠲᠦᠮᠡᠳ ᠵᠡᠭᠦᠨ | ᠬᠤᠰᠢᠭᠤᠨ ᠤ ᠤᠯᠠᠭᠠᠨ ᠵᠠᠭᠠᠯᠮᠠᠶᠢᠲᠠᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠣᠯᠠᠨ ᠬᠤᠪᠢ | ᠨᠡᠮᠡᠷᠢ ᠦᠵᠡᠭᠦᠯᠦᠨ᠎ᠡ᠃ |